ᠲᠠᠢ ᠫᠢᠩ ᠳ᠋ᠢ ᠪᠠᠯᠭᠠᠰᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/4/14
      ᠣᠶᠢᠷ᠎ᠠ ᠳᠤ᠂ ᠲᠠᠢ ᠫᠢᠩ ᠳ᠋ᠢ ᠪᠠᠯᠭᠠᠰᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠵᠦ᠂ ᠤᠯᠠᠭᠠᠨᠬᠠᠳᠠ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠵᠣᠬᠢᠶᠠᠨ ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠳᠡᠯᠭᠡᠷᠡᠭᠦᠯᠦᠭᠴᠢ ᠯᠢᠦ ᠼᠦᠩ ᠸᠧᠶ ᠯᠧᠺᠲ᠋ᠣᠷ ᠢ ᠤᠷᠢᠵᠤ ᠬᠢᠴᠢᠶᠡᠯ ᠣᠷᠣᠭᠤᠯᠪᠠ᠃ ᠯᠢᠦ ᠼᠦᠩ ᠸᠧᠢ ︽ᠰᠢᠶᠠᠩ ᠤᠨ ᠱᠠᠲᠤᠨ ᠤ ︿ᠭᠤᠷᠪᠠ ᠶᠢ ᠨᠢᠭᠡ ᠴᠤᠭᠴᠠᠵᠢᠭᠤᠯᠬᠤ﹀ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠡᠵᠡᠩᠨᠡᠯᠲᠡ︾ ᠭᠡᠬᠦ ᠰᠡᠳᠦᠪ ᠢᠶᠠᠷ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢᠨ ᠵᠢᠷᠤᠭ ᠲᠥᠯᠥᠪᠯᠡᠭᠡ᠂ ᠡᠵᠡᠩᠨᠡᠯᠲᠡ ᠶᠢᠨ ᠭᠤᠣᠯ ᠴᠣᠭᠴᠠ ᠶᠢᠨ ᠵᠢᠷᠤᠭ ᠲᠥᠯᠥᠪᠯᠡᠭᠡ᠂ ᠡᠵᠡᠩᠨᠡᠯᠲᠡ ᠶᠢᠨ ᠠᠷᠭ᠎ᠠ ᠬᠡᠯᠪᠡᠷᠢ ᠵᠢᠴᠢ ︽ᠭᠤᠷᠪᠠ ᠶᠢ ᠨᠢᠭᠡ ᠴᠤᠭᠴᠠᠵᠢᠭᠤᠯᠬᠤ︾ ᠪᠦᠳᠦᠭᠡᠨ ᠪᠠᠶᠢᠭᠤᠯᠤᠯᠲᠠ ᠶᠢᠨ ᠠᠬᠤᠢ ᠪᠠᠶᠢᠳᠠᠯ᠂ ᠠᠴᠢ ᠬᠤᠯᠪᠣᠭᠳᠠᠯ ᠵᠡᠷᠭᠡ ᠲᠠᠯ᠎ᠠ ᠠᠴᠠ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ ᠰᠢᠰᠲ᠋ᠧᠮᠲᠦ ᠪᠣᠯᠪᠠᠰᠤᠷᠠᠯ ᠬᠦᠷᠲᠡᠭᠡᠬᠦ ᠶᠢᠨ ᠬᠠᠮᠲᠤ ᠰᠤᠷᠤᠭᠴᠢᠳ ᠤᠨ ᠳᠤᠷᠠᠳᠤᠭᠰᠠᠨ ᠬᠠᠮᠢᠶ᠎ᠠ ᠪᠦᠬᠦᠢ ᠮᠠᠳᠠᠭ ᠲᠠᠢ ᠠᠰᠠᠭᠤᠳᠠᠯ ᠢ ᠨᠢ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠪᠠ᠃      ᠰᠤᠷᠤᠯᠴᠠᠯᠭ᠎ᠠ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠣᠨᠣᠯ ᠤᠨ ᠮᠡᠳᠡᠯᠭᠡ ᠪᠠ ᠪᠣᠳᠠᠲᠠᠶ ᠪᠣᠯᠪᠠᠰᠤᠷᠠᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯ ᠤᠨ ᠰᠡᠳᠬᠢᠮᠵᠢ ᠪᠠᠨ ᠥᠷᠭᠡᠳᠬᠡᠨ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠲᠠᠷᠠᠭᠠᠴᠢ ᠶᠢᠨ ᠠᠯᠬᠤᠮ ᠳᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号