4 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠵᠠᠰᠠᠭ ᠤᠨ | ᠣᠷᠳᠣᠨ ᠪᠣᠯᠤᠨ ᠤᠯᠤᠰ ᠤᠨ ᠮᠠᠰᠢᠨ ᠮᠧᠬᠠᠨᠢᠭ ᠤᠨ ᠢ ᠯᠦᠩ ︵ᠹᠥ᠋ ᠱᠠᠨ︶ ᠡᠨᠧᠷᠭᠢ ᠠᠷᠪᠢᠯᠠᠬᠤ | ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠭᠠᠵᠠᠷ ᠰᠢᠷᠣᠶ ᠶᠢ ᠶᠡᠷᠦᠩᠬᠡᠶᠢᠯᠡᠨ | ᠵᠠᠰᠠᠬᠤ ᠲᠥᠷᠥᠯ ᠵᠦᠢᠯ ᠤᠨ ᠲᠤᠬᠠᠶ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ᠂ ᠤᠯᠤᠰ ᠤᠨ ᠮᠠᠰᠢᠨ | ᠮᠧᠬᠠᠨᠢᠭ ᠤᠨ ᠢ ᠯᠦᠩ ︵ᠹᠥ᠋ ᠱᠠᠨ︶ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠠᠶ ᠵᠢᠶᠦ᠋ᠨ᠂ ᠰᠦᠩᠱᠠᠨ ᠲᠣᠭᠤᠷᠢᠭ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ᠂ | ᠲᠣᠭᠤᠷᠢᠭ ᠤᠨ ᠳᠡᠳ᠋ ᠳᠠᠷᠤᠭ᠎ᠠ ᠴᠧᠨ ᠶᠠᠨ ᠶᠦᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠴᠧᠨ ᠠᠢ ᠵᠢᠶᠦ᠋ᠨ ᠺᠣᠮᠫᠠᠨᠢ ᠶᠢᠨ ᠦᠨᠳᠦᠰᠦᠨ ᠪᠠᠶᠢᠳᠠᠯ | ᠪᠣᠯᠤᠨ ᠣᠶᠤᠨᠴᠢ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠰᠢᠰᠲ᠋ᠧᠮ᠂ ᠣᠶᠤᠨᠴᠢ ᠤᠰᠤ | ᠪᠤᠷᠳᠤᠭᠤᠷ ᠢ ᠨᠢᠭᠡ ᠴᠤᠬᠴᠠᠵᠢᠭᠤᠯᠬᠤ ᠰᠢᠰᠲ᠋ᠧᠮ ᠵᠡᠷᠭᠡ ᠰᠢᠷᠢᠰ ᠦᠢᠯᠡᠳᠬᠦᠨ ᠢ ᠦᠢᠯᠡᠳᠦᠭᠰᠡᠨ ᠪᠠ ᠬᠡᠷᠡᠭᠯᠡᠵᠦ | ᠳᠡᠯᠭᠡᠷᠡᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠪᠠ᠃ | ᠵᠦᠩ ᠴᠢᠩ ᠰᠦᠩ᠂ ᠰᠦᠩᠱᠠᠨ ᠲᠣᠭᠤᠷᠢᠭ ᠪᠣᠯ ᠤᠯᠠᠭᠠᠨᠬᠠᠳᠠ ᠬᠤᠳᠠ ᠶᠢᠨ ᠭᠤᠣᠯ ᠬᠤᠳᠠ ᠶᠢᠨ | ᠲᠣᠭᠤᠷᠢᠭ ᠪᠣᠯᠬᠤ ᠪᠠᠷ ᠪᠠᠷᠠᠬᠤ ᠦᠬᠡᠢ ᠪᠠᠰᠠ ᠴᠤ ᠬᠤᠳᠠ ᠬᠥᠳᠡᠭᠡ ᠶᠢ ᠤᠶᠠᠯᠳᠤᠭᠤᠯᠤᠭᠰᠠᠨ ᠲᠠᠷᠢᠶᠠᠯᠠᠩ ᠤᠨ | ᠲᠤᠮᠤ ᠲᠤᠭᠤᠷᠢᠭ ᠪᠣᠯᠤᠨ᠎ᠠ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠨᠡᠶᠢᠲᠡᠯᠢᠭ ᠭᠠᠵᠠᠷ | ᠣᠷᠣᠨ ᠪᠣᠯᠤᠨ᠎ᠠ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠦᠷᠦᠯ ᠵᠦᠢᠯ ᠤᠨ ᠭᠡᠷ᠎ᠡ | ᠲᠣᠭᠲᠠᠭᠰᠠᠨ ᠨᠢ ᠰᠦᠩᠱᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠡᠬᠢ ᠪᠠᠶᠠᠯᠢᠭ ᠤᠨ ᠡᠯᠧᠮᠧᠨ᠋ᠲ ᠤᠨ ᠴᠢᠨᠠᠷ ᠰᠠᠶᠢᠲᠠᠢ ᠬᠥᠭᠵᠢᠯᠲᠡ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠦᠩᠱᠠᠨ ᠲᠣᠭᠤᠷᠢᠭ ᠲᠤᠰ ᠤᠳᠠᠭ᠎ᠠ ᠶᠢᠨ ᠭᠡᠷ᠎ᠡ | ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠤᠯᠤᠰ ᠤᠨ ᠮᠠᠰᠢᠨ ᠮᠧᠬᠠᠨᠢᠭ ᠤᠨ ᠢ ᠯᠦᠩ ︵ᠹᠥ᠋ ᠱᠠᠨ︶ ᠡᠨᠧᠷᠭᠢ | ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠯᠤᠭ᠎ᠠ ᠶᠢᠨ ᠤᠯᠤᠯᠴᠠᠭ᠎ᠠ | ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠤᠯᠪᠣᠭᠳᠠᠯ ᠪᠦᠬᠦᠢ ᠰᠢᠶᠠᠩ ᠪᠠᠯᠭᠠᠰᠤ ᠪᠣᠯᠤᠨ ᠰᠠᠯᠠᠭ᠎ᠠ | ᠮᠥᠴᠢᠷ ᠢ ᠢᠳᠡᠪᠬᠢᠲᠡᠢ ᠰᠠᠶᠢᠲᠤᠷ ᠵᠣᠬᠢᠶᠠᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ | ᠬᠠᠮᠵᠢᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ | ᠪᠦᠬᠦ ᠬᠦᠴᠦᠨ ᠢᠶᠠᠷ ᠢᠶᠠᠨ ᠡᠭᠦᠳᠴᠦ᠂ ᠬᠡᠯᠡᠯᠴᠡᠭᠡᠷ ᠢ ᠠᠯᠢ ᠲᠦᠷᠭᠡᠨ ᠢᠶᠠᠷ ᠦᠨᠡᠨ ᠪᠣᠳᠠᠲᠠᠢ ᠬᠠᠮᠲᠤᠷᠠᠯᠴᠠᠭᠠᠨ ᠤ | ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠦ ᠢᠯᠡᠷᠬᠡᠶᠢᠯᠡᠪᠡ᠃ | ᠤᠯᠤᠰ ᠤᠨ ᠮᠠᠰᠢᠨ ᠮᠧᠬᠠᠨᠢᠭ ᠤᠨ ᠢ ᠯᠦᠩ ︵ᠹᠥ᠋ ᠱᠠᠨ︶ ᠡᠨᠧᠷᠭᠢ ᠠᠷᠪᠢᠯᠠᠬᠤ ᠤᠰᠤᠯᠠᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠬᠦ | ᠰᠢᠶᠠᠨ ᠤ ᠪᠥᠲᠥᠭᠡᠨ ᠪᠠᠶᠢᠭᠤᠯᠤᠯᠲᠠ ᠬᠢᠭᠡᠳ ᠪᠥᠬᠦ ᠦᠶᠡᠯᠡᠯ ᠤᠨ ᠦᠢᠯᠡᠴᠢᠯᠡᠭᠡᠨ ᠤ ᠡᠵᠡᠩᠨᠡᠯᠲᠡ ᠶᠢᠨ ᠠᠵᠤ | ᠠᠬᠤᠶᠢᠯᠠᠯ ᠪᠤᠯᠤᠨ᠎ᠠ᠂ ᠲᠥᠪ ᠤᠨ ᠠᠵᠤ ᠠᠬᠤᠶᠢᠯᠠᠯ ᠤᠨ ︽ᠤᠯᠤᠰ ᠤᠨ ᠮᠠᠰᠢᠨ ᠮᠧᠬᠠᠨᠢᠭ ᠤᠨ ᠪᠦᠯᠦᠭᠯᠡᠯ︾ ᠤᠨ | ᠪᠠᠯᠠ ᠣᠷᠣᠭᠤᠯᠤᠯᠲᠠ ᠶᠢ ᠣᠯᠤᠭᠰᠠᠨ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ᠂ ᠪᠥᠲᠥᠭᠡᠨ | ᠪᠠᠶᠢᠭᠤᠯᠬᠤ᠂ ᠦᠢᠯᠡᠴᠢᠯᠡᠬᠦ ᠶᠢ ᠨᠢᠭᠡ ᠴᠤᠭᠴᠠᠵᠢᠭᠤᠯᠤᠭᠰᠠᠨ ᠰᠢᠨ᠎ᠡ ᠮᠠᠲ᠋ᠧᠷᠢᠶᠠᠯ ᠤᠨ ᠦᠢᠯᠡᠳᠬᠦᠨ ᠤ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠮᠥᠨ᠃ ᠲᠤᠰ ᠤᠳᠠᠭᠠᠨ ᠤ ᠰᠦᠩᠱᠠᠨ ᠲᠣᠭᠤᠷᠢᠭ ᠲᠠᠢ ᠭᠡᠷ᠎ᠡ | ᠲᠤᠭᠲᠠᠭᠰᠠᠨ ᠲᠥᠷᠥᠯ ᠵᠦᠢᠯ ᠳᠤ ᠨᠡᠶᠢᠲᠡ 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ | ᠂ ᠺᠣᠮᠫᠠᠨᠢ ᠨᠢ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠲᠠᠷᠢᠮᠠᠯ ᠤᠨ ᠮᠡᠷᠭᠡᠵᠢᠯ ᠤᠨ | ᠵᠢᠯᠣᠭᠤᠳᠣᠯᠭ᠎ᠠ᠂ ᠣᠶᠤᠨᠴᠢ ᠲᠠᠷᠢᠶᠠᠯᠠᠩ ᠤᠨ ᠲᠠᠪᠴᠠᠩ ᠢ ᠪᠠᠶᠢᠭᠤᠯᠬᠤ᠂ ᠲᠠᠷᠢᠶᠠᠯᠠᠩ ᠤᠨ ᠮᠠᠰᠢᠨ ᠤ ᠡᠬᠢ | ᠪᠠᠶᠠᠯᠢᠭ ᠢ ᠵᠣᠬᠢᠴᠠᠭᠤᠯᠬᠤ᠂ ᠬᠤᠵᠢᠷᠯᠢᠬ ᠭᠠᠵᠠᠷ ᠢ ᠵᠠᠰᠠᠬᠤ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠤᠰᠤ ᠠᠷᠪᠢᠯᠠᠬᠤ ᠤᠰᠤᠯᠠᠯᠲᠠ᠂ ᠤᠶᠤᠨᠲᠤ ᠲᠠᠷᠢᠶᠠᠯᠠᠩ | ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ | ᠬᠤᠵᠢᠷᠯᠢᠬ ᠭᠠᠵᠠᠷ ᠢ ᠰᠠᠶᠢᠵᠢᠷᠠᠭᠤᠯᠬᠤ᠂ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠵᠢᠴᠢ | ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠥᠷᠥᠯ ᠵᠦᠢᠯ ᠤᠨ ᠪᠦᠳᠦᠭᠡᠨ | ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠰᠦᠩᠱᠠᠨ ᠲᠣᠭᠤᠷᠢᠭ ᠤᠨ ᠤᠳᠤ ᠦᠶ᠎ᠡ ᠶᠢᠨ ᠲᠠᠷᠢᠶᠠᠯᠠᠩ ᠤᠨ | ᠦᠷᠭᠦᠯᠵᠢᠯᠡᠨ᠂ ᠡᠷᠡᠭᠦᠯ᠂ ᠲᠣᠭᠲᠠᠭᠤᠨ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠤᠨᠴᠠᠯᠢᠬᠳᠤ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ |