ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠰᠦᠩᠱᠠᠨ ᠲᠣᠭᠤᠷᠢᠭ ᠤᠨ ᠶᠡᠷᠦᠩᠬᠡᠢ ᠨᠠᠮ ᠤᠨ ᠡᠭᠦᠷ ︽ᠬᠥᠭᠵᠢᠭᠦᠯᠦᠨ ᠮᠠᠨᠳᠤᠭᠤᠯᠬᠤ ᠶᠢ ᠲᠤᠰᠠᠯᠠᠨ ᠬᠠᠶᠢᠷ᠎ᠠ ᠶᠢ ᠦᠷᠭᠦᠯᠵᠢᠯᠡᠭᠦᠯᠬᠦ ︾ ᠨᠡᠶᠢᠭᠡᠮ ᠤᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/4/17
      4 ᠰᠠᠷ᠎ᠠ ᠶᠢᠨ 15 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠰᠦᠩᠱᠠᠨ ᠲᠣᠭᠤᠷᠢᠭ ᠤᠨ ᠶᠡᠷᠦᠩᠬᠡᠢ ᠨᠠᠮ ᠤᠨ ᠡᠭᠦᠷ ᠬᠠᠷᠠᠲᠤᠬᠤᠢ ᠪᠠᠯᠭᠠᠰᠤᠨ ᠳᠤ ᠭᠦᠨᠵᠡᠭᠡᠶᠢᠷᠡᠵᠦ ︽ᠬᠥᠭᠵᠢᠭᠦᠯᠦᠨ ᠮᠠᠨᠳᠤᠭᠤᠯᠬᠤ ᠶᠢ ᠲᠤᠰᠠᠯᠠᠨ  ᠬᠠᠶᠢᠷ᠎ᠠ ᠶᠢ ᠦᠷᠭᠦᠯᠵᠢᠯᠡᠭᠦᠯᠬᠦ︾ ᠨᠡᠶᠢᠭᠡᠮ ᠤᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠡᠷᠬᠢᠯᠡᠭᠴᠢ ᠭᠡᠰᠢᠭᠦᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠦᠸᠧ ᠰᠢᠤ ᠶᠠᠨ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠠᠵᠢᠯᠯᠠᠭ᠎ᠠ ᠳᠤ ᠤᠷᠤᠯᠴᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠰᠦᠩᠱᠠᠨ ᠲᠣᠭᠤᠷᠢᠭ ᠤᠨ ᠶᠡᠷᠦᠩᠬᠡᠢ ᠨᠠᠮ ᠤᠨ ᠡᠭᠦᠷ ᠠᠴᠠ ᠬᠠᠷᠠᠲᠤᠬᠤᠢ ᠪᠠᠯᠭᠠᠰᠤᠨ ᠳᠤ ᠬᠤᠶᠠᠷ ᠲᠦᠮᠡᠨ ᠲᠥᠭᠦᠷᠢᠭ ᠤᠨ ᠦᠷᠳᠡᠭ ᠲᠠᠢ ᠰᠤᠷᠤᠭᠴᠢᠳ ᠤᠨ ᠣᠯᠪᠣᠭ ᠪᠣᠯᠤᠨ ᠪᠠᠶᠢᠩᠭᠤ ᠬᠡᠷᠡᠭᠯᠡᠬᠦ ᠡᠮ ᠤᠨ ᠵᠦᠢᠯᠡᠰ ᠢ ᠬᠠᠨᠳᠢᠪᠯᠠᠵᠤ᠂ ᠤᠯᠠᠨ ᠲᠦᠮᠡᠨ ᠳᠤ ᠦᠨᠡᠨᠬᠦ ᠪᠣᠳᠠᠲᠤ ᠠᠰᠢᠭ  ᠬᠦᠷᠲᠡᠭᠡᠪᠡ᠃ ᠡᠭᠦᠨ ᠤ ᠬᠠᠮᠲᠤ᠂ ᠹᠦ᠋ ᠬᠤᠢ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠲᠣᠰᠬᠤᠨ ᠤ ᠠᠷᠠᠳ ᠲᠤ ᠠᠮᠠᠨ ᠬᠥᠨᠳᠡᠢ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠪᠥᠭᠡᠳ ᠲᠣᠰᠬᠤᠨ ᠤ ᠠᠷᠠᠳ ᠲᠤ ᠠᠮᠠᠨ ᠬᠥᠨᠳᠡᠢ ᠶᠢᠨ ᠪᠠᠶᠢᠴᠠᠭᠠᠯᠲᠠ᠂ ᠴᠢᠰᠤᠨ ᠳᠠᠷᠤᠯᠲᠠ ᠶᠢ ᠬᠡᠮᠵᠢᠬᠦ ᠵᠡᠷᠭᠡ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ ᠤᠯᠠᠨ ᠤ ᠰᠠᠶᠢᠨ ᠦᠨᠡᠯᠡᠯᠲᠡ ᠶᠢ ᠤᠯᠪᠠ᠃      ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠰᠦᠩᠱᠠᠨ ᠲᠣᠭᠤᠷᠢᠭ ᠤᠨ ᠶᠡᠷᠦᠩᠬᠡᠢ ᠡᠭᠦᠷ ᠨᠢ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠤᠯᠠᠭᠠᠨᠬᠠᠳᠠ ᠬᠤᠳᠠ ᠶᠢᠨ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠨᠢᠭᠡ ᠪᠣᠯᠤᠭᠰᠠᠨ ᠤ ᠬᠤᠪᠢ ᠳᠤ᠂ ᠤᠯᠠᠨ ᠵᠢᠯ ᠤᠨ ᠲᠤᠷᠰᠢ᠂ ᠠᠵᠤ ᠠᠬᠤᠢ ᠶᠢᠨ ᠡᠲᠡᠭᠡᠳ ᠲᠠᠢ ᠨᠢᠭᠲᠠ ᠬᠠᠷᠢᠯᠴᠠᠬᠤ ᠣᠨᠴᠠᠯᠢᠭ ᠪᠣᠯᠤᠨ ᠳᠠᠪᠠᠭᠤᠯᠢᠭ ᠢᠶᠠᠨ ᠢᠮᠠᠭᠲᠠ ᠪᠠᠳᠠᠷᠠᠭᠤᠯᠵᠤ᠂ ᠡᠯ᠎ᠡ ᠲᠦᠷᠦᠯ ᠤᠨ ᠨᠡᠶᠢᠭᠡᠮ ᠤᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠰᠦᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号