4 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ ᠤ ᠰᠦᠩᠱᠠᠨ | ᠲᠣᠭᠤᠷᠢᠭ ᠤᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠠᠴᠠ ᠳ᠋ᠠᠩ | ᠫᠦ᠋ ᠳ᠋ᠢ ᠮᠠᠨᠵᠤ ᠦᠨᠳᠦᠰᠦᠲᠡᠨ ᠤ ᠰᠢᠶᠠᠩ᠂ ᠬᠠᠭᠤᠴᠢᠨ ᠬᠤᠷᠤᠭ᠎ᠠ ᠪᠠᠯᠭᠠᠰᠤ᠂ ᠸᠠᠩ ᠤᠨ ᠬᠤᠷᠤᠭ᠎ᠠ ᠪᠠᠯᠭᠠᠰᠤ᠂ | ᠴᠧᠩᠽᠢ ᠰᠢᠶᠠᠩ᠂ ᠴᠢᠳᠬᠤᠯᠠᠩ ᠪᠠᠯᠭᠠᠰᠤᠨ ᠳᠤ ᠲᠤᠰ ᠲᠤᠰ ᠲᠤᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ | ᠲᠤᠰᠬᠠᠪᠠ᠃ | ᠲᠤᠭᠤᠷᠢᠨ ᠪᠠᠶᠢᠴᠠᠭᠠᠬᠤ ᠬᠤᠷᠠᠯ ᠳᠡᠭᠡᠷ᠎ᠡ᠂ ᠡᠯ᠎ᠡ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ | ᠲᠤᠭᠤᠷᠢᠨ ᠪᠠᠶᠢᠴᠠᠭᠠᠭᠳᠠᠬᠤ ᠨᠢᠭᠡᠴᠡ ᠳᠤ ᠲᠤᠭᠤᠷᠢᠨ ᠪᠠᠶᠢᠴᠠᠭᠠᠭᠰᠠᠨ ᠰᠠᠨᠠᠯ ᠪᠣᠯᠤᠨ ᠴᠡᠭᠴᠡᠯᠡᠨ ᠰᠠᠶᠢᠵᠢᠷᠠᠭᠤᠯᠬᠤ | ᠰᠠᠨᠠᠭᠤᠯᠭ᠎ᠠ ᠶᠢ ᠲᠤᠰ ᠲᠤᠰ ᠬᠠᠷᠢᠭᠤ ᠲᠤᠰᠬᠠᠪᠠ᠃ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠠᠯᠪᠠᠨ ᠬᠡᠷ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠨᠡᠷ ᠤᠨ ᠲᠤᠰᠬᠠᠶ ᠰᠡᠳᠦᠪᠲᠦ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠴᠡᠭᠴᠡᠯᠡᠨ | ᠰᠠᠶᠢᠵᠢᠷᠠᠭᠤᠯᠬᠤ ᠠᠵᠢᠯ ᠤᠨ ᠲᠤᠬᠠᠶ ᠰᠠᠨᠠᠯ ᠢᠶᠠᠨ ᠳᠤᠷᠠᠳᠪᠠ᠃ | ᠬᠤᠷᠠᠯ ᠠᠴᠠ ᠱᠠᠭᠠᠡᠳᠠᠭᠰᠠᠨ ᠨᠢ᠂ ᠲᠤᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠲᠤᠭᠤᠷᠢᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢᠨ ᠤᠯᠤᠰ | ᠲᠦᠷᠦᠴᠢ ᠴᠢᠨᠠᠷ᠂ ᠲᠥᠪ ᠴᠢᠩᠭ᠎ᠠ ᠴᠢᠨᠠᠷ ᠢ ᠭᠦᠢᠴᠡᠳ ᠲᠠᠨᠢᠵᠤ᠂ ︽ᠬᠠᠭᠤᠳᠠᠰᠤ ᠶᠣᠰᠣᠭᠠᠷ ᠪᠦᠬᠦᠨ ᠢ | ᠬᠤᠷᠢᠶᠠᠵᠤ᠂ ᠡᠷᠡᠰ ᠰᠢᠭᠤᠷᠬᠠᠢ ᠪᠠᠷ ᠴᠡᠭᠴᠡᠯᠡᠨ ᠰᠠᠶᠢᠵᠢᠷᠠᠭᠤᠯᠵᠤ᠂ ᠡᠴᠦᠰ ᠲᠤᠨᠢ ᠲᠤᠯᠲᠠᠯ᠎ᠠ ᠥᠭᠡᠷᠡᠴᠢᠯᠡᠬᠦ︾ | ᠵᠠᠷᠴᠢᠮ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠬᠤ ᠬᠡᠷᠡᠭᠲᠡᠢ︔ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠴᠡᠭᠴᠡᠯᠡᠨ ᠰᠠᠶᠢᠵᠢᠷᠠᠭᠤᠯᠤᠭᠰᠠᠨ ᠨᠢ | ᠬᠦᠴᠦᠨ ᠥᠬᠡᠶ ᠪᠣᠯ ᠬᠠᠷᠢᠭᠤᠴᠠᠯᠭ᠎ᠠ ᠪᠠᠨ ᠠᠯᠳᠠᠭᠰᠠᠨ ᠶᠠᠪᠤᠳᠠᠯ ᠮᠥᠨ᠂ ᠴᠡᠭᠴᠡᠯᠡᠨ ᠰᠠᠶᠢᠵᠢᠷᠠᠭᠤᠯᠬᠤ ᠶᠢ | ᠠᠳᠬᠤᠬᠤ ᠥᠬᠡᠶ ᠪᠣᠯ ᠲᠤᠰᠢᠶᠠᠯ ᠢᠶᠠᠨ ᠭᠤᠲᠤᠭᠠᠭᠰᠠᠨ ᠶᠠᠪᠤᠳᠠᠯ ᠮᠥᠨ︾ ᠭᠡᠬᠦ ᠦᠵᠡᠯᠲᠡ ᠶᠢ ᠪᠠᠲᠤ ᠪᠠᠬᠢ ᠪᠣᠶ | ᠪᠣᠯᠭᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠨᠠᠷᠢᠨ ᠲᠠᠩᠰᠠ ᠶᠢ ᠭᠦᠨᠵᠡᠭᠡᠶ ᠰᠤᠳᠤᠯᠵᠤ᠂ ᠲᠥᠷᠥᠯ | ᠵᠦᠢᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ | ᠦᠨᠡᠨ ᠬᠦ ᠪᠣᠳᠠᠲᠠᠶᠢᠵᠢᠭᠤᠯᠵᠤ᠂ ᠪᠦᠬᠦᠨ ᠢ ᠪᠣᠳᠠᠲᠠᠶᠢᠵᠢᠭᠤᠯᠵᠤ᠂ ᠴᠢᠩᠭ᠎ᠠ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ︔ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠳᠦᠷ ᠳᠤᠳᠤᠮ ᠤᠨ ᠬᠢᠨᠠᠯᠲᠠ | ᠪᠠᠶᠢᠴᠠᠭᠠᠯᠲᠠ ᠶᠢ ᠴᠢᠩᠭᠠᠳᠬᠠᠵᠤ᠂ ᠬᠠᠷᠢᠭᠤ ᠲᠤᠰᠬᠠᠭᠰᠠᠨ ᠰᠠᠨᠠᠯ ᠢ ᠴᠢᠩᠭ᠎ᠠ ᠵᠢᠷᠤᠮᠯᠠᠨ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ︔ ᠲᠣᠭᠤᠷᠢᠨ ᠪᠠᠶᠢᠴᠠᠭᠠᠭᠰᠠᠨ ᠦᠷ᠎ᠡ | ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠤᠰ ᠤᠳᠠᠭ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠦᠨᠵᠡᠭᠡᠢ | ᠲᠤᠩᠭᠠᠨ ᠪᠣᠳᠣᠯᠬᠢᠯᠠᠵᠤ᠂ ᠠᠰᠠᠭᠤᠳᠠᠯ ᠤᠨ ᠡᠭᠦᠰᠦᠭᠰᠡᠨ ᠭᠦᠨ ᠳᠠᠪᠬᠤᠷᠭ᠎ᠠ ᠶᠢᠨ ᠰᠢᠯᠲᠠᠭᠠᠨ ᠢ ᠨᠠᠷᠢᠨ ᠬᠢᠨᠠᠮᠠᠭᠠᠢ | ᠵᠠᠳᠠᠯᠵᠤ᠂ ︽ᠬᠡᠮ ᠰᠣᠭᠤᠭ︾ ᠢ ᠣᠨᠣᠪᠴᠢᠲᠠᠢ ᠡᠷᠢᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠡᠯ᠎ᠡ ᠵᠦᠢᠯ ᠤᠨ ᠠᠵᠢᠯ ᠤᠨ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ᠂ ᠬᠠᠭᠤᠴᠢᠨ ᠬᠤᠷᠤᠭ᠎ᠠ ᠪᠠᠯᠭᠠᠰᠤ᠂ ᠸᠠᠩ ᠤᠨ ᠬᠤᠷᠤᠭ᠎ᠠ | ᠪᠠᠯᠭᠠᠰᠤ᠂ ᠴᠧᠩᠽᠢ ᠰᠢᠶᠠᠩ᠂ ᠴᠢᠳᠬᠤᠯᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠡᠭᠡᠷ᠎ᠡ ᠣᠪᠣᠷ ᠢᠶᠠᠨ | ᠢᠯᠡᠳᠬᠡᠬᠦ ᠶᠠᠷᠢᠶ᠎ᠠ ᠲᠠᠯᠪᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤ ᠲᠤᠰᠬᠠᠭᠰᠠᠨ | ᠰᠠᠨᠠᠯ ᠢ ᠴᠢᠩ ᠦᠨᠡᠨᠴᠢ ᠪᠠᠷ ᠭᠥᠯᠢᠶᠡᠨ ᠠᠪᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠵᠤ᠂ | ᠨᠢᠭᠡ ᠬᠤᠪᠢ ᠬᠢᠷᠢ ᠲᠡᠩᠴᠡᠭᠰᠡᠨ ᠴᠡᠭᠴᠡᠯᠡᠨ ᠰᠠᠶᠢᠵᠢᠷᠠᠭᠤᠯᠤᠭᠰᠠᠨ ᠬᠠᠷᠢᠭᠤᠯᠲᠠ ᠶᠢᠨ ᠬᠠᠭᠤᠳᠠᠰᠤ | ᠲᠤᠰᠢᠶᠠᠬᠤ ᠪᠠᠷ ᠴᠢᠷᠮᠠᠶᠢᠨ᠎ᠠ ᠭᠡᠵᠦ ᠢᠯᠡᠳᠬᠡᠪᠡ᠃ |