ᠡᠨᠡ ᠵᠢᠯ ᠰᠦᠩᠱᠠᠨ ᠲᠣᠭᠤᠷᠢᠭ ᠬᠤᠶᠠᠷ ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/4/18
      ᠡᠨᠡ ᠵᠢᠯ᠂ ᠰᠦᠩᠱᠠᠨ ᠲᠣᠭᠤᠷᠢᠭ ᠵᠤᠭᠠᠴᠠᠯ ᠤᠨ ᠵᠠᠰᠠᠮᠠᠯ ᠵᠠᠮ ᠢ ᠰᠢᠨ᠎ᠡ ᠪᠠᠷ ᠵᠠᠰᠠᠬᠤ ᠪᠠᠷ ᠲᠥᠯᠥᠪᠯᠡᠵᠦ ᠪᠠᠶᠢᠨ᠎ᠠ᠃      ᠨᠢᠭᠡᠳᠦᠭᠡᠷ ᠵᠤᠷᠪᠤᠰ ᠵᠠᠮ ᠨᠢ ᠤᠯᠤᠰ ᠤᠨ ᠵᠠᠮ ᠤᠨ 111 ᠱᠤᠭᠤᠮ ᠤᠨ ᠪᠠᠭ᠎ᠠ ᠺᠠᠷᠠ ︵ᠥᠪᠥᠷ ᠮᠣᠩᠭᠤᠯ ᠾᠧᠪᠧᠶ ᠶᠢᠨ ᠵᠠᠭᠠᠭ︶ ᠠᠴᠠ ᠤᠯᠠᠭᠠᠨᠬᠠᠳᠠ ᠬᠥᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠪᠣᠯᠤᠨ᠎ᠠ᠃ ᠲᠥᠷᠥᠯ ᠵᠦᠢᠯ ᠢ ᠰᠦᠩᠱᠠᠨ ᠲᠣᠭᠤᠷᠢᠭ ᠤᠨ ᠬᠢᠯᠢ ᠳᠣᠲᠣᠷ᠎ᠠ 34.805 ᠺᠢᠯᠣᠮᠧᠲᠷ ᠣᠷᠳᠣ ᠵᠢᠷᠤᠵᠤ ᠲᠥᠯᠥᠪᠯᠡᠨ᠂ ᠡᠭᠦᠨ ᠳᠤ ᠰᠢᠨ᠎ᠡ ᠪᠠᠷ ᠪᠠᠶᠢᠭᠤᠯᠬᠤ ᠵᠠᠮ 31.159 ᠺᠢᠯᠣᠮᠧᠲᠷ ᠪᠠᠶᠢᠵᠤ᠂ ᠴᠧᠩᠽᠢ ᠰᠢᠶᠠᠩ ᠤᠨ 6 ᠵᠠᠰᠠᠭ ᠵᠠᠬᠢᠷᠭᠠᠨ ᠤ ᠲᠣᠰᠬᠤᠨ ᠪᠠ ᠮᠥ ᠵᠢᠶᠠ ᠶᠢᠩᠽᠢ ᠪᠠᠯᠭᠠᠰᠤᠨ ᠤ 3 ᠵᠠᠰᠠᠭ ᠵᠠᠬᠢᠷᠭᠠᠨ ᠤ ᠲᠣᠰᠬᠤᠨ ᠳᠤ ᠬᠤᠯᠪᠤᠭᠳᠠᠨ᠎ᠠ᠃ ᠣᠳᠣᠬᠠᠨ ᠳᠤ ᠨᠢᠭᠡᠨᠲᠡ ᠲᠥᠷᠥᠯ ᠵᠦᠢᠯ ᠲᠣᠭᠲᠠᠭᠠᠬᠤ ᠭᠠᠵᠠᠷ ᠰᠢᠷᠣᠶ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠵᠡᠷᠭᠡ ᠬᠡᠰᠡᠭ ᠡᠮᠦᠨᠡᠬᠢ ᠬᠤᠭᠤᠴᠠᠭᠠᠨ ᠤ ᠭᠠᠷᠳᠠᠮ ᠢ  ᠭᠦᠢᠴᠡᠳᠬᠡᠵᠦ ᠳᠠᠭᠤᠰᠬᠠᠭᠠᠳ᠂ ᠶᠠᠭ ᠭᠠᠵᠠᠷ ᠰᠢᠷᠣᠶ᠂ ᠣᠶ ᠰᠢᠭᠤᠶ ᠡᠪᠡᠰᠦᠲᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠢᠵᠦ᠂ 2023 ᠣᠨ ᠤ 5 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠵᠤ ᠪᠠᠶᠢᠨ᠎ᠠ᠃      ᠬᠤᠶᠠᠳᠤᠭᠠᠷ ᠵᠤᠷᠪᠤᠰ ᠵᠠᠮ ᠨᠢ ᠭᠠᠩᠽᠢ ᠠᠴᠠ ᠱᠢ ᠰᠠᠨ ᠲᠠᠢ ᠪᠦᠦ ᠬᠦᠷᠬᠦ ᠵᠠᠰᠠᠮᠠᠯ ᠵᠠᠮ ᠤᠨ ᠢᠨᠵᠧᠨᠧᠷᠢᠩ ᠪᠣᠯᠤᠨ᠎ᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 9575 ᠲᠦᠮᠡᠨ ᠲᠥᠭᠦᠷᠢᠭ ᠪᠠᠶᠢᠵᠤ᠂ ᠵᠠᠮ ᠤᠨ ᠪᠥᠬᠦ ᠣᠷᠳᠣ ᠨᠢ 45.9 ᠺᠢᠯᠣᠮᠧᠲᠷ ᠪᠠᠶᠢᠵᠤ᠂ ᠭᠠᠩᠽᠢ ᠰᠢᠶᠠᠩ ᠤᠨ 5 ᠵᠠᠰᠠᠭ ᠵᠠᠬᠢᠷᠭᠠᠨ ᠤ ᠲᠣᠰᠬᠤᠨ ᠪᠠ ᠳ᠋ᠠᠢ ᠹᠦ᠋ ᠶᠢᠩᠽᠢ ᠰᠢᠶᠠᠩ ᠤᠨ 3 ᠵᠠᠰᠠᠭ ᠵᠠᠬᠢᠷᠭᠠᠨ ᠤ ᠲᠣᠰᠬᠤᠨ ᠢᠶᠠᠷ ᠥᠩᠭᠡᠷᠡᠨ᠎ᠡ᠃ ᠣᠳᠣᠬᠠᠨ ᠳᠤ ᠣᠶᠢᠲᠤ ᠭᠠᠵᠠᠷ᠂ ᠡᠪᠡᠰᠦᠲᠦ ᠭᠠᠵᠠᠷ᠂ ᠭᠠᠵᠠᠷ ᠰᠢᠷᠣᠶ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠨᠢᠭᠡᠨᠲᠡ ᠪᠡᠶᠡᠯᠡᠭᠦᠯᠵᠦ᠂ 2023 ᠣᠨ ᠤ 5 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠭᠦᠯᠬᠦ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃      ᠣᠲᠣ ᠪᠣᠯᠲᠠᠯ᠎ᠠ᠂ ᠰᠦᠩᠱᠠᠨ ᠲᠣᠭᠤᠷᠢᠭ ᠤᠨ ᠵᠢᠭᠤᠯᠴᠢᠯᠠᠯ ᠤᠨ ᠵᠠᠰᠠᠮᠠᠯ ᠵᠠᠮ ᠨᠡᠶᠢᠲᠡ 12 ᠵᠤᠷᠪᠤᠰ ᠪᠠᠶᠢᠵᠤ᠂ ᠪᠥᠬᠦ ᠣᠷᠳᠣ ᠨᠢ 227 ᠺᠢᠯᠣᠮᠧᠲᠷ ᠪᠠᠶᠢᠵᠤ᠂ ᠨᠡᠶᠢᠲᠡ 10.8 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠪᠠ᠃ ᠰᠠᠭᠠᠳ ᠦᠭᠡᠢ ᠨᠡᠪᠲᠡᠷᠡᠬᠦ ᠵᠤᠭᠠᠴᠠᠯ ᠤᠨ ᠵᠠᠰᠠᠮᠠᠯ ᠵᠠᠮ ᠨᠢ ᠵᠤᠭᠠᠴᠠᠯ ᠤᠨ ᠦᠵᠡᠮᠵᠢ ᠶᠢᠨ ᠣᠷᠣᠨ ᠪᠣᠯᠤᠨ ᠵᠤᠭᠠᠴᠠᠯ ᠤᠨ ᠡᠬᠢ ᠪᠠᠶᠠᠯᠢᠭ ᠢ ᠬᠡᠯᠬᠢᠶ᠎ᠡ ᠱᠤᠭᠤᠮ ᠪᠣᠯᠭᠠᠬᠤ ᠶᠢ ᠠᠬᠢᠭᠤᠯᠬᠤ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠵᠤᠭᠠᠴᠠᠯ ᠤᠨ ᠵᠠᠮ᠂ ᠡᠬᠢ ᠪᠠᠶᠠᠯᠢᠭ ᠤᠨ ᠵᠠᠮ ᠪᠣᠯᠤᠨ ᠠᠵᠤ ᠦᠢᠯᠡᠰ ᠤᠨ ᠵᠠᠮ ᠪᠤᠯᠵᠤ᠂ ᠪᠦᠬᠦ ᠲᠣᠭᠤᠷᠢᠭ ᠤᠨ ᠵᠤᠭᠠᠴᠠᠯ ᠤᠨ ᠠᠵᠤ ᠦᠢᠯᠡᠰ ᠤᠨ ᠰᠡᠷᠭᠦᠯᠲᠡ ᠪᠣᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号