ᠣᠶᠢᠷ᠎ᠠ ᠳᠤ᠂ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠣᠲᠣᠭᠠᠳᠤ ᠶᠢ ᠬᠠᠮᠠᠭᠠᠯᠠᠬᠤ᠂ | ᠡᠮ ᠡᠮᠨᠡᠯᠭᠡ᠂ ᠠᠳᠠᠯ ᠠᠬᠤᠶ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ | ᠰᠠᠯᠠᠭ᠎ᠠ ᠮᠥᠴᠢᠷ ᠲᠠᠢ ᠡᠶᠡᠳᠡᠭᠦᠯᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ | ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠲᠠᠰᠤᠭ ᠢ ᠫᠠᠶᠢᠰᠠ ᠡᠯᠭᠦᠨ ᠪᠠᠶᠢᠭᠤᠯᠵᠤ᠂ ᠦᠨᠳᠦᠰᠦᠨ ᠱᠠᠲᠤ ᠳᠠᠰᠢ | ᠲᠠᠰᠤᠷᠠᠯᠲᠠ ᠥᠬᠡᠶ ᠥᠷᠭᠡᠳᠬᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠬᠤᠯᠪᠣᠭᠠᠯᠠᠨ ᠬᠥᠳᠡᠯᠦᠯᠴᠡᠬᠦ ᠪᠠᠷ | ᠳᠠᠮᠵᠢᠭᠤᠯᠤᠨ᠂ ᠣᠯᠠᠨ ᠡᠰᠢᠲᠦ ᠡᠶᠡᠳᠡᠭᠦᠯᠭᠡ ᠶᠢᠨ ᠰᠢᠨ᠎ᠡ ᠬᠡᠪ ᠪᠠᠶᠢᠳᠠᠯ ᠢ ᠠᠯᠬᠤᠮ ᠠᠯᠬᠤᠮ ᠢᠶᠠᠷ ᠪᠣᠶ ᠪᠣᠯᠭᠠᠵᠤ᠂ | ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠶ ᠪᠠᠷ ᠰᠢᠢᠳᠪᠦᠷᠢᠯᠡᠬᠦ ᠶᠢ ᠭᠦᠨᠵᠡᠭᠡᠶᠢᠷᠡᠭᠦᠯᠬᠦ ᠪᠠᠷ ᠴᠢᠷᠮᠠᠶᠢᠨ᠎ᠠ | ᠃ | ᠰᠦᠩᠱᠠᠨ ᠲᠣᠭᠤᠷᠢᠭ ᠤᠨ ᠰᠢᠭᠦᠬᠦ ᠬᠤᠷᠢᠶ᠎ᠠ ᠡᠨᠡ ᠤᠳᠠᠭ᠎ᠠ ᠵᠠᠰᠠᠭ ᠵᠠᠬᠢᠷᠭᠠᠨ ᠤ ᠮᠠᠷᠭᠤᠯᠳᠤᠭᠠᠨ ᠢ ᠶᠡᠭᠡ | ᠡᠶᠡᠳᠡᠭᠦᠯᠬᠦ ᠠᠵᠢᠯ ᠤᠨ ᠰᠢᠰᠲ᠋ᠧᠮ ᠳᠤ ᠣᠷᠣᠭᠤᠯᠵᠤ᠂ ᠪᠦᠬᠦ ᠬᠤᠲᠠ ᠳᠤ ᠠᠩᠬᠠᠳᠠᠭᠴᠢ ᠵᠠᠰᠠᠭ ᠵᠠᠬᠢᠷᠭᠠᠨ ᠤ | ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠲᠠᠰᠤᠭ ᠪᠠᠶᠢᠭᠤᠯᠵᠤ᠂ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠢᠳᠡᠪᠬᠢᠲᠡᠶ ᠬᠠᠮᠵᠢᠯᠴᠠᠭ᠎ᠠ ᠪᠠ ᠣᠷᠣᠯᠴᠠᠯᠭ᠎ᠠ ᠳᠣᠣᠷ᠎ᠠ᠂ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠤᠯᠠᠮ ᠨᠢᠭᠡ | ᠠᠯᠬᠤᠮ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠤᠨ᠂ | ᠨᠢᠭᠲᠠ ᠬᠠᠷᠢᠯᠴᠠᠵᠤ ᠨᠡᠪᠲᠡᠷᠡᠯᠴᠡᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠡᠶᠡᠳᠡᠭᠦᠯᠬᠦ ᠠᠵᠢᠯ ᠤᠨ ᠬᠠᠤᠯᠢ | ᠴᠠᠭᠠᠵᠠ ᠶᠢᠨ ᠵᠢᠯᠤᠭᠤᠳᠤᠯᠭ᠎ᠠ ᠪᠠ ᠲᠦᠷᠢᠮ ᠤᠨ ᠪᠠᠲᠤᠯᠠᠭ᠎ᠠ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ | ᠵᠢᠭᠤᠷᠠᠯᠳᠤᠭᠠᠨ ᠢ ᠡᠴᠦᠰ ᠤᠨ ᠲᠠᠰᠤᠯᠤᠯᠳᠡ ᠠᠴᠠ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠲᠡᠶᠢᠰᠢ | ᠤᠷᠲᠤᠳᠬᠠᠬᠤ ᠶᠢ ᠦᠨᠡᠨ ᠬᠦ ᠲᠦᠯᠬᠢᠨ ᠠᠬᠢᠭᠤᠯᠵᠤ᠂ ᠦᠯᠡᠮᠵᠢ ᠤᠯᠠᠨ ᠵᠠᠰᠠᠭ ᠵᠠᠬᠢᠷᠭᠠᠨ ᠤ ᠮᠠᠷᠭᠤᠯᠳᠤᠭᠠᠨ ᠢ | ᠥᠨᠳᠥᠷ ᠪᠦᠲᠦᠮᠵᠢᠲᠡᠶ ᠪᠠᠷ ᠦᠨᠡᠨ ᠪᠣᠳᠠᠲᠠᠶ ᠪᠠᠷ ᠰᠢᠢᠳᠪᠦᠷᠢᠯᠡᠬᠦ ᠪᠠᠷ ᠴᠢᠷᠮᠠᠶᠢᠵᠤ᠂ ᠬᠤᠪᠢ ᠶᠢ ᠲᠣᠭᠲᠠᠭᠠᠵᠤ | ᠮᠠᠷᠭᠤᠭᠠᠨ ᠢ ᠵᠣᠭᠰᠣᠭᠠᠬᠤ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠬᠤ ᠶᠢ ᠪᠡᠶᠡᠯᠡᠭᠦᠯᠦᠨ᠎ᠡ᠃ | ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠲᠠᠰᠤᠭ ᠢ ᠲᠣᠭᠤᠷᠢᠭ ᠤᠨ ᠰᠢᠭᠦᠬᠦ | ᠬᠤᠷᠢᠶ᠎ᠠ ᠶᠢᠨ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠷᠢᠶᠠᠨ | ᠳᠠᠷᠤᠭ᠎ᠠ ᠠᠴᠠ ᠵᠢᠯᠣᠭᠤᠳᠬᠤ ᠪᠠ ᠵᠣᠬᠢᠴᠠᠭᠤᠯᠬᠤ ᠶᠢᠨ ᠬᠠᠮᠲᠤ ᠡᠶᠡᠳᠡᠭᠦᠯᠬᠦ ᠠᠵᠢᠯ ᠳᠤ ᠣᠷᠣᠯᠴᠠᠵᠤ᠂ ᠰᠢᠭᠦᠨ | ᠲᠠᠰᠤᠯᠤᠯᠲᠠ ᠶᠢᠨ ᠪᠠᠶᠠᠯᠢᠭ ᠲᠤᠷᠰᠢᠯᠭ᠎ᠠ ᠲᠠᠢ ᠰᠢᠭᠦᠬᠦ ᠬᠤᠷᠢᠶ᠎ᠠ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ | ᠠᠬᠠᠮᠠᠳ ᠲᠤᠰᠬᠠᠶ ᠰᠢᠭᠦᠭᠴᠢ ᠶᠢ ᠤᠷᠢᠵᠤ ᠠᠵᠢᠯ ᠤᠨ ᠪᠠᠶᠢᠷᠢ ᠳᠤ ᠭᠠᠷᠭᠠᠵᠤ᠂ ᠰᠢᠭᠦᠭᠴᠢ ᠶᠢᠨ ᠲᠤᠰᠠᠯᠠᠭᠴᠢ ᠪᠠ | ᠪᠢᠴᠢᠭᠡᠴᠢ ᠶᠢ ᠲᠣᠬᠢᠷᠠᠭᠤᠯᠤᠨ ᠲᠤᠰᠠᠯᠠᠬᠤ ᠠᠵᠢᠯ ᠬᠢᠯᠭᠡᠨ᠎ᠡ᠃ ᠡᠭᠦᠨ ᠤ ᠬᠠᠮᠲᠤ ᠬᠡᠷᠡᠭ ᠤᠨ ᠬᠡᠷᠡᠭᠴᠡᠭᠡ ᠶᠢ | ᠦᠨᠳᠦᠰᠦᠯᠡᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠲᠠᠰᠤᠭ ᠪᠠᠶᠢᠳᠠᠯ ᠢ ᠦᠵᠡᠵᠦ | ᠪᠠᠶᠢᠭᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ᠂ ᠨᠡᠶᠢᠭᠡᠮ ᠤᠨ ᠪᠦᠯᠬᠦᠮ᠂ ᠨᠡᠶᠢᠭᠡᠮ ᠤᠨ ᠠᠵᠢᠯᠳᠠᠨ ᠵᠢᠴᠢ ᠰᠡᠳᠬᠢᠴᠡ ᠶᠢᠨ ᠡᠮᠴᠢ | ᠵᠡᠷᠭᠡ ᠶᠢ ᠤᠷᠢᠵᠤ ᠣᠨᠴᠠ ᠤᠷᠢᠭᠰᠠᠨ ᠡᠶᠡᠳᠡᠭᠦᠯᠦᠭᠴᠢ ᠶᠢᠨ ᠬᠤᠪᠢ ᠪᠠᠷ ᠡᠶᠡᠳᠡᠭᠦᠯᠬᠦ ᠠᠵᠢᠯ ᠳᠤ ᠣᠷᠣᠯᠴᠠᠭᠤᠯᠵᠤ | ᠪᠣᠯᠤᠨ᠎ᠠ᠂ ᠪᠠᠰᠠ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠮᠡᠳᠡᠭᠳᠡᠵᠦ | ᠬᠠᠷᠢᠭᠤᠴᠠᠯᠭᠠᠲᠠᠨ ᠲᠣᠮᠢᠯᠠᠭᠤᠯᠤᠨ ᠡᠶᠡᠳᠡᠭᠦᠯᠭᠡ ᠳᠤ ᠣᠷᠣᠯᠴᠠᠭᠤᠯᠵᠤ ᠪᠣᠯᠤᠨ᠎ᠠ᠃ | ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠡᠶᠡᠳᠡᠭᠦᠯᠭᠡ ᠳᠤ ᠣᠷᠣᠯᠴᠠᠭᠰᠠᠨ ᠡᠯ᠎ᠡ | ᠨᠢᠭᠡᠴᠡ ᠲᠠᠢ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ ᠲᠦᠷᠢᠮ ᠲᠣᠭᠲᠠᠭᠠᠯ᠂ ᠡᠶᠡᠳᠡᠭᠦᠯᠦᠭᠴᠢ ᠶᠢᠨ | ᠬᠠᠮᠢᠶᠠᠷᠤᠯᠲᠠ ᠶᠢᠨ ᠠᠷᠭ᠎ᠠ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠵᠠᠰᠠᠭ ᠵᠠᠬᠢᠷᠭᠠᠨ ᠤ ᠵᠢᠭᠤᠷᠠᠯᠳᠤᠭᠠᠨ ᠢ | ᠡᠶᠡᠳᠡᠭᠦᠯᠬᠦ ᠪᠥᠬᠦ ᠶᠠᠪᠤᠴᠠ᠂ ᠬᠠᠤᠯᠢ ᠴᠠᠭᠠᠵᠠ ᠶᠢᠨ ᠨᠤᠲᠠᠯᠠᠯᠲᠠ ᠪᠠ ᠬᠤᠷᠢᠶ᠎ᠠ ᠪᠠ ᠣᠷᠣᠨ ᠨᠤᠲᠤᠭ ᠤᠨ | ᠬᠤᠯᠪᠣᠭᠠᠯᠠᠨ ᠬᠥᠳᠡᠯᠦᠯᠴᠡᠬᠦ ᠲᠣᠭᠲᠠᠴᠠ ᠵᠡᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠨ ᠵᠢᠷᠤᠮᠵᠢᠭᠤᠯᠵᠤ᠂ | ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠲᠠᠰᠤᠭ ᠤᠨ ᠪᠣᠳᠠᠲᠤ ᠦᠷ᠎ᠡ ᠪᠦᠲᠦᠮᠵᠢ ᠶᠢ | ᠵᠢᠩᠬᠢᠨᠢ ᠪᠠᠷ ᠪᠠᠳᠠᠷᠠᠭᠤᠯᠵᠤ᠂ ᠡᠶᠡᠳᠡᠭᠦᠯᠭᠡ ᠶᠢ ᠥᠨᠳᠥᠷ ᠦᠷ᠎ᠡ ᠪᠦᠲᠦᠮᠵᠢ ᠲᠠᠢ ᠪᠣᠯᠭᠠᠵᠤ᠂ | ᠨᠠᠶᠢᠳᠠᠪᠤᠷᠢᠵᠢᠭᠤᠯᠤᠯᠲᠠ ᠶᠢ ᠦᠷ᠎ᠡ ᠪᠦᠲᠦᠮᠵᠢ ᠲᠠᠢ ᠪᠣᠯᠭᠠᠨ᠎ᠠ᠃ |