4 ᠰᠠᠷ᠎ᠠ ᠶᠢᠨ 18 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ | ᠲᠦᠪᠰᠢᠨ ᠤ ᠠᠯᠪᠠᠨ ᠬᠡᠷ᠂ ᠬᠤᠲᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠲᠣᠭᠤᠷᠢᠭ ᠤᠨ | ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠬᠡᠷ ᠬᠠᠮᠲᠤᠷᠠᠨ ᠡᠷᠭᠢᠯᠡᠵᠦ᠂ ᠲᠣᠭᠤᠷᠢᠭ ᠤᠨ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ | ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠭᠠᠭᠠᠨ ᠡᠷᠭᠢᠯᠡᠭᠰᠡᠨ ᠤᠯᠤᠰ ᠤᠨ ᠠᠮᠤᠷ ᠲᠦᠪᠰᠢᠨ ᠤ | ᠶᠡᠷᠦᠩᠬᠡᠶ ᠦᠵᠡᠯᠲᠡ ᠶᠢ ᠦᠢᠯᠡᠳᠦᠯᠭᠡᠵᠢᠭᠦᠯᠬᠦ ᠵᠢᠴᠢ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ | ᠰᠠᠷ᠎ᠠ ᠶᠢᠨ ᠠᠵᠢᠯᠯᠠᠭ᠎ᠠ ᠰᠦᠩᠱᠠᠨ ᠲᠣᠭᠤᠷᠢᠭ ᠤᠨ ᠰᠢᠶᠠᠩ ᠶᠠᠩ ᠵᠡᠭᠡᠯᠢ ᠭᠤᠳᠤᠮᠵᠢ ᠶᠢᠨ ᠮᠥ ᠭᠧ ᠨᠡᠶᠢᠭᠡᠮ | ᠲᠣᠭᠤᠷᠢᠭ ᠲᠤ ᠶᠠᠪᠤᠭᠳᠠᠪᠠ᠃ ᠬᠤᠲᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠳᠡᠳ᠋ | ᠳᠠᠷᠤᠭ᠎ᠠ ᠭᠦᠸᠧ ᠽᠢ ᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ | ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠦ ᠰᠢᠶᠤᠤ ᠯᠸᠢ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠳᠠᠭᠠᠭᠠᠨ ᠭᠦᠢᠴᠡᠳᠬᠡᠬᠦ ᠨᠢᠭᠡᠴᠡ ᠤᠬᠠᠭᠤᠯᠭ᠎ᠠ ᠬᠥᠮᠦᠵᠢᠯ ᠤᠨ | ᠹᠢᠯᠢᠮ ᠨᠡᠪᠲᠡᠷᠡᠭᠦᠯᠬᠦ᠂ ᠤᠬᠠᠭᠤᠯᠭ᠎ᠠ ᠶᠢᠨ ᠳᠡᠯᠭᠡᠨ ᠦᠵᠡᠭᠦᠯᠬᠦ ᠲᠠᠯᠪᠢᠭᠤᠷ ᠪᠠ ᠳᠡᠯᠭᠡᠨ ᠦᠵᠡᠭᠦᠯᠬᠦ ᠪᠣᠳᠠᠰ ᠢ | ᠲᠠᠯᠪᠢᠬᠤ᠂ ᠭᠤᠣᠯ ᠰᠡᠳᠦᠪᠲᠦ ᠤᠬᠠᠭᠤᠯᠭ᠎ᠠ ᠶᠢᠨ ᠡᠪᠬᠡᠮᠡᠯ ᠬᠠᠭᠤᠳᠠᠰᠤ ᠵᠢᠴᠢ ᠳᠤᠷᠠᠰᠬᠠᠯ ᠤᠨ ᠪᠣᠳᠠᠰ ᠢ | ᠲᠠᠷᠬᠠᠭᠠᠬᠤ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠥᠷᠨᠢᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠨᠢᠭᠤᠴᠠ ᠶᠢ | ᠬᠠᠮᠠᠭᠠᠯᠠᠬᠤ ᠶᠡᠷᠦ ᠶᠢᠨ ᠮᠡᠳᠡᠯᠭᠡ ᠵᠡᠷᠭᠡ ᠶᠢ ᠲᠦᠭᠡᠮᠵᠢᠯᠡᠭᠦᠯᠪᠡ᠃ ᠥᠷᠭᠡᠨ ᠤᠯᠠᠨ ᠲᠦᠮᠡᠨ ᠤ ᠠᠮᠤᠷ ᠲᠦᠪᠰᠢᠨ ᠤ | ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠥᠮᠦᠨ ᠪᠦᠬᠦᠨ | ᠨᠢᠭᠤᠴᠠ ᠶᠢ ᠬᠠᠮᠠᠭᠠᠯᠠᠬᠤ ᠶᠢ ᠴᠢᠬᠤᠯᠠᠴᠢᠯᠠᠬᠤ᠂ ᠬᠥᠮᠦᠨ ᠪᠦᠬᠦᠨ ᠨᠢᠭᠤᠴᠠ ᠶᠢ ᠬᠠᠮᠠᠭᠠᠯᠠᠬᠤ ᠶᠢ ᠰᠤᠷᠤᠯᠴᠠᠬᠤ᠂ | ᠬᠥᠮᠦᠨ ᠪᠦᠬᠦᠨ ᠨᠢᠭᠤᠴᠠ ᠶᠢ ᠬᠠᠮᠠᠭᠠᠯᠠᠬᠤ ᠶᠢ ᠮᠡᠳᠡᠬᠦ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ | ᠨᠢᠭᠤᠴᠠ ᠶᠢ ᠬᠠᠮᠠᠭᠠᠯᠠᠬᠤ ᠦᠵᠡᠯᠲᠡ ᠶᠢ ᠦᠨᠡᠨ ᠬᠦ ᠬᠥᠮᠦᠰ ᠤᠨ ᠰᠡᠳᠬᠢᠯ ᠳᠤ ᠦᠨᠳᠦᠰᠦᠯᠡᠭᠦᠯᠦᠨ᠎ᠡ᠃ |