ᠸᠠᠩ ᠯᠢ ᠧᠨ ᠪᠦᠯᠬᠦᠮ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ᠦᠷ᠎ᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/19
      4 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠸᠠᠩ ᠯᠢ ᠧᠨ ᠪᠦᠯᠬᠦᠮ ᠳᠠᠭᠠᠭᠤᠯᠤᠨ ᠰᠦᠩᠱᠠᠨ ᠲᠣᠭᠤᠷᠢᠭ ᠲᠤ  ᠢᠷᠡᠵᠦ ᠦᠷ᠎ᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠠᠩ ᠲᠢᠩ ᠲᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠰᠦᠨ ᠶᠤᠸᠠᠢ ᠴᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠸᠠᠩ ᠯᠢ ᠧᠨ ᠨᠡᠷ ᠤᠷᠢᠳ ᠬᠤᠵᠢᠳ ᠤᠯᠠᠭᠠᠨᠬᠠᠳᠠ ᠶᠢᠨ ᠵᠢᠶᠠ ᠢᠦᠢ ᠦᠷ᠎ᠡ ᠶᠢᠨ ᠭᠠᠭ᠋ᠠᠢ ᠶᠢᠨ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠤᠶᠢᠵᠢᠭᠤᠯᠬᠤ᠂ ᠥᠷᠭᠡᠳᠬᠡᠨ ᠳᠡᠯᠭᠡᠷᠡᠭᠦᠯᠬᠦ᠂ ᠦᠷ᠎ᠡ ᠦᠢᠯᠡᠳᠴᠦ ᠪᠣᠷᠣᠯᠠᠭᠤᠯᠬᠤ ᠲᠠᠯ᠎ᠠ ᠪᠠᠷ ᠬᠢ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠨ ᠤ ᠲᠣᠭᠤᠷᠢᠭ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃      ᠸᠠᠩ ᠯᠢ ᠧᠨ ᠵᠢᠭᠠᠵᠤ ᠭᠠᠷᠭᠠᠭᠰᠠᠨ ᠨᠢ᠂ ᠦᠷ᠎ᠡ ᠶᠢᠨ ᠦᠢᠯᠡᠰ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠭᠤᠣᠯ ᠡᠯᠧᠮᠧᠨ᠋ᠲ ᠪᠣᠯᠤᠨ᠎ᠠ᠂ ᠮᠥᠨᠴᠦ ᠮᠠᠯ ᠠᠵᠤ ᠠᠬᠤᠢ ᠲᠠᠷᠢᠶᠠᠯᠠᠩ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠤᠨ᠎ᠠ᠃ ᠰᠦᠩᠱᠠᠨ ᠲᠣᠭᠤᠷᠢᠭ ᠤᠨ ᠡᠳ᠋ ᠭᠠᠷᠤᠯᠲᠠ᠂ ᠡᠬᠢ ᠪᠠᠶᠠᠯᠢᠭ ᠡᠯᠪᠡᠭ ᠪᠠᠶᠢᠵᠤ᠂ ᠢᠯᠠᠩᠭᠤᠶ᠎ᠠ ᠭᠠᠭ᠋ᠠᠶ ᠶᠢᠨ ᠡᠭᠦᠯᠳᠡᠷ ᠪᠤᠶᠢᠵᠢᠭᠤᠯᠬᠤ ᠪᠠ ᠡᠷᠳᠡᠨᠢ ᠰᠢᠰᠢ ᠶᠢᠨ ᠡᠭᠦᠯᠳᠡᠷ ᠪᠤᠶᠢᠵᠢᠭᠤᠯᠬᠤ ᠬᠦᠷᠢᠶᠡᠨ ᠳᠤ ᠪᠠᠶᠠᠷᠯᠠᠭᠤᠰᠢᠲᠠᠶ ᠠᠮᠵᠢᠯᠲᠠ ᠤᠯᠪᠠ᠂ ᠰᠦᠩᠱᠠᠨ ᠲᠣᠭᠤᠷᠢᠭ ᠤᠨ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ᠂ ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠳᠠᠪᠠᠭᠤᠯᠢᠭ ᠤᠨᠴᠠᠯᠢᠭᠳᠤ ᠡᠭᠦᠯᠳᠡᠷ ᠢ ᠪᠤᠶᠢᠵᠢᠭᠤᠯᠬᠤ ᠭᠤᠷᠪᠠᠨ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠡᠯᠬᠦ ᠡᠷᠴᠢᠮ ᠢᠶᠠᠨ ᠴᠢᠩᠭᠠᠷᠠᠭᠤᠯᠤᠨ᠂ ᠣᠲᠣ ᠦᠶ᠎ᠡ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠶᠢ ᠬᠦᠰᠡᠵᠦ ᠪᠠᠶᠢᠨ᠎ᠠ  ᠭᠡᠪᠡ᠃      ᠸᠠᠩ ᠯᠢ ᠧᠨ ᠴᠢᠬᠤᠯᠠᠴᠢᠯᠠᠭᠰᠠᠨ ᠨᠢ᠂ ᠰᠦᠩᠱᠠᠨ ᠲᠣᠭᠤᠷᠢᠭ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠪᠣᠯᠤᠨ ᠪᠦᠬᠦ ᠲᠠᠯ᠎ᠠ ᠶᠢᠨ ᠦᠨᠳᠦᠷᠴᠡ ᠠᠴᠠ ᠭᠠᠷᠳᠠᠬᠤ ᠶᠢ ᠪᠠᠷᠢᠮᠲᠠᠯᠠᠵᠤ ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠠᠢ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠮᠠᠯ ᠠᠵᠤ ᠠᠬᠤᠢ ᠲᠠᠷᠢᠶᠠᠯᠠᠩ ᠤᠨ ᠦᠢᠯᠡᠰ ᠤᠨ ᠲᠥᠪᠯᠡᠷᠡᠩᠭᠦᠢ ᠡᠷᠴᠢᠮᠯᠢᠭ ᠬᠥᠭᠵᠢᠯᠲᠡ ᠶᠢ ᠶᠡᠬᠡᠪᠡᠷ ᠠᠬᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠮᠠᠨ ᠤ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠲᠤᠮᠤ ᠬᠤᠳᠠ ᠠᠴᠠ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠬᠤᠳᠠ ᠲᠡᠰᠢ ᠬᠤᠪᠢᠷᠠᠬᠤ ᠶᠢ ᠲᠦᠷᠭᠡᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ︽ᠤᠯᠠᠭᠠᠨᠬᠠᠳᠠ ᠶᠢᠨ ᠣᠳᠣᠬᠢᠴᠢᠯᠠᠭᠰᠠᠨ ᠦᠷ᠎ᠡ ᠶᠢᠨ ᠦᠢᠯᠡᠰ ᠤᠨ ᠰᠠᠭᠤᠷᠢᠨ ᠢ ᠪᠦᠳᠦᠬᠡᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠨᠳᠤᠯᠭ᠎ᠠ ᠲᠠᠢ ᠪᠠᠷ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠤᠶᠤᠨ ᠤᠬᠠᠭᠠᠨ ᠢ ᠲᠥᠪᠯᠡᠷᠡᠭᠦᠯᠵᠦ᠂ ᠨᠡᠩ ᠬᠠᠨᠳᠤᠯᠭᠠᠲᠤ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠠᠷᠭᠠᠴᠠᠬᠤ ᠪᠤᠳᠤᠯᠭ᠎ᠠ ᠰᠠᠨᠠᠭᠤᠯᠭ᠎ᠠ ᠶᠢ ᠴᠢᠷᠮᠠᠶᠢᠨ ᠳᠤᠷᠠᠳᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠵᠥᠪᠳᠡᠯᠴᠡᠨ ᠰᠠᠨᠠᠯ ᠵᠥᠪᠯᠡᠯᠭᠡ ᠳᠤᠷᠠᠳᠬᠤ ᠲᠠᠯ᠎ᠠ ᠪᠠᠷ ᠨᠡᠩ ᠪᠣᠳᠠᠲᠠᠢ ᠦᠷ᠎ᠡ ᠪᠦᠲᠦᠭᠡᠯ ᠭᠠᠷᠭᠠᠵᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠪᠦᠬᠦ ᠬᠤᠳᠠ ᠶᠢᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号