ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/19
      4 ᠰᠠᠷ᠎ᠠ ᠶᠢᠨ 18 ᠤ ᠦᠳᠡ ᠶᠢᠨ ᠬᠤᠶᠢᠨ᠎ᠠ᠂ ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠶᠠ ᠳ᠋ᠦᠩ ᠬᠤᠷᠠᠯ ᠳᠤ ᠣᠷᠣᠯᠴᠠᠵᠤ᠂ ᠲᠣᠭᠤᠷᠢᠭ ‍ᠤᠨ‌ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠰᠢᠤᠸᠠᠢ ᠴᠢᠨ ᠬᠤᠷᠠᠯ ᠢ ᠡᠷᠭᠢᠯᠡᠪᠡ᠃      ᠬᠤᠷᠠᠯ ᠠᠴᠠ ᠳᠡᠭᠡᠳᠦ ᠱᠠᠲᠤᠨ ᠤ ᠴᠠᠭᠳᠠᠨ ᠪᠠᠶᠢᠴᠠᠭᠠᠵᠤ ᠲᠤᠭᠤᠷᠢᠨ ᠪᠠᠶᠢᠴᠠᠭᠠᠬᠤ ᠠᠵᠢᠯ ᠤᠨ ᠬᠠᠮᠤᠭ ᠤᠨ ᠰᠢᠨ᠎ᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠵᠤ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠪᠠ ᠡᠭᠦᠷᠭᠡ ᠶᠢᠨ ᠬᠤᠪᠢᠶᠠᠷᠢᠯᠠᠯ ᠢ ᠨᠡᠶᠢᠲᠡᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠬᠤ ᠳᠤᠭᠤᠶᠢᠯᠠᠩ  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ︽ᠨᠢᠭᠡᠳᠦᠭᠡᠷ ᠭᠠᠷ ︾ ᠪᠣᠯᠤᠨ ᠤᠳᠤᠷᠢᠳᠬᠤ ᠪᠠᠭ ᠤᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠬᠤ ᠶᠢ ᠲᠤᠪᠤᠶᠢᠯᠭᠠᠬᠤ ᠬᠡᠷᠡᠭᠲᠡᠢ᠃ ᠴᠠᠭᠳᠠᠨ ᠪᠠᠶᠢᠴᠠᠭᠠᠵᠤ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠤᠪᠤᠶᠢᠮ᠎ᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠲᠤᠭᠤᠷᠢᠨ ᠪᠠᠶᠢᠴᠠᠭᠠᠬᠤ ᠶᠠᠪᠤᠴᠠ ᠳᠤ᠂ ᠬᠡᠪ ᠤᠨ ᠪᠠᠶᠢᠳᠠᠯ᠂ ᠲᠤᠰᠬᠠᠢ ᠵᠦᠢᠯ ᠤᠨ ᠲᠤᠭᠤᠷᠢᠨ ᠪᠠᠶᠢᠴᠠᠭᠠᠯᠲᠠ ᠶᠢᠨ ᠣᠨᠴᠠᠯᠢᠭ᠂ ᠳᠠᠪᠠᠭᠤᠯᠢᠭ ᠢ ᠲᠤᠪᠤᠶᠢᠯᠭᠠᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠤᠯᠤᠰ ᠲᠦᠷᠦ ᠶᠢᠨ ᠵᠦᠷᠢᠶ᠎ᠡ ᠶᠢ ᠪᠠᠶᠢᠴᠠᠭᠠᠨ ᠵᠠᠯᠠᠷᠠᠭᠤᠯᠵᠤ᠂ ᠲᠤᠭᠤᠷᠢᠨ ᠪᠠᠶᠢᠴᠠᠭᠠᠬᠤ ᠶᠢᠨ ᠡᠷᠬᠡ ᠰᠦᠷ᠂ ᠬᠤᠷᠢᠭᠯᠠᠬᠤ᠂ ᠦᠨᠳᠦᠰᠦ ᠠᠴᠠ ᠨᠢ ᠵᠠᠰᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠲᠡᠮᠡᠴᠡᠯ ᠤᠨ ᠴᠢᠳᠠᠪᠤᠷᠢ ᠪᠠᠨ ᠦᠨᠡᠨᠬᠦ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠳᠠᠯᠠᠵᠤ᠂ ᠲᠥᠪ ᠴᠢᠩᠭ᠎ᠠ ᠪᠣᠯᠭᠤᠮᠵᠢᠲᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠡᠶᠡᠯᠡᠭᠦᠯᠵᠦ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠡᠷᠭᠡᠪᠡᠷ ᠤᠷᠤᠭᠰᠢᠯᠠᠵᠤ᠂ ᠲᠤᠰ ᠡᠭᠡᠯᠵᠢ ᠶᠢᠨ ᠲᠤᠭᠤᠷᠢᠨ ᠪᠠᠶᠢᠴᠠᠭᠠᠯᠲᠠ ᠶᠢᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃      ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠤᠭᠤᠷᠢᠨ  ᠪᠠᠶᠢᠴᠠᠭᠠᠯᠲᠠ ᠨᠢ ᠭᠤᠷᠪᠠᠨ ᠲᠤᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠶ ᠣᠷᠴᠢᠨ ᠠᠬᠤᠶ ᠶᠢᠨ ᠲᠣᠪᠴᠢᠶᠠᠨ ᠤ ᠰᠦᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠰᠦᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠵᠡᠷᠭᠡ ᠵᠢᠷᠭᠤᠭᠠᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠲᠤᠰᠬᠠᠶ ᠵᠦᠢᠯ + ᠪᠠᠶᠢᠩᠭᠤ ᠶᠢᠨ ᠬᠠᠮᠲᠤᠷᠠᠭᠰᠠᠨ ᠲᠤᠭᠤᠷᠢᠨ ᠪᠠᠶᠢᠴᠠᠭᠠᠯᠲᠠ ᠥᠷᠨᠢᠭᠦᠯᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠤᠰᠬᠠᠶ ᠵᠦᠢᠯ ᠤᠨ ᠲᠤᠭᠤᠷᠢᠨ ᠪᠠᠶᠢᠴᠠᠭᠠᠯᠲᠠ ᠥᠷᠨᠢᠭᠦᠯᠦᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号