ᠵᠢᠶᠠᠩ ᠼᠦᠩ ᠰᠦᠩᠱᠠᠨ ᠤ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/4/20
    4 ᠰᠠᠷ᠎ᠠ ᠶᠢᠨ 19 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠰᠦᠩᠱᠠᠨ ᠤ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠵᠦ ᠰᠢᠶᠤᠤ ᠯᠸᠢ᠂ ᠯᠢᠶᠠᠩ ᠮᠢᠩ ᠽᠧ ᠪᠠᠷ᠎ᠠ ᠪᠣᠯᠪᠠ᠃    ᠵᠢᠶᠠᠩ ᠼᠦᠩ ᠨᠡᠷ ᠤᠷᠢᠳ ᠬᠤᠵᠢᠳ ᠥᠪᠥᠷ ᠮᠣᠩᠭᠤᠯ ᠤᠨ ᠲᠢᠶᠠᠨ ᠹᠧᠩ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠠᠷᠤᠯ ᠮᠠᠰᠢᠨ ᠬᠥᠮᠦᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠷᠤᠸᠠᠨ  ᠳ᠋ᠦᠸᠧ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠾᠧᠩ ᠯᠢᠶᠠᠨ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠰᠠᠨᠰᠠᠷ ᠤᠨ ᠠᠶᠠᠯᠠᠯ ᠤᠨ ᠬᠤᠩ ᠲᠥ᠋ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠤᠯᠯᠠᠬᠤ ᠬᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢᠦᠶ ᠷᠦᠢ ᠰᠦᠯᠵᠢᠶᠡᠨ ᠤ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠶᠢᠨ ᠬᠤᠪᠢᠶᠠᠷᠢ ᠺᠣᠮᠫᠠᠨᠢ᠂ ᠬᠠᠮᠲᠤ ᠪᠠᠷ ᠡᠳ᠋ᠯᠡᠬᠦ ᠦᠢᠯᠡᠳᠪᠦᠷᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠳᠤ ᠤᠷᠤᠵᠤ᠂ ᠦᠢᠯᠡᠳᠪᠦᠷᠢ ᠶᠢᠨ ᠲᠠᠰᠤᠭ ᠲᠤ ᠪᠠᠭᠤᠵᠤ᠂ ᠬᠥᠭᠵᠢᠯᠲᠡ ᠶᠢᠨ ᠲᠤᠬᠠᠶ ᠶᠠᠷᠢᠯᠴᠠᠵᠤ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠷ᠎ᠡ ᠠᠰᠢᠭ ᠤᠨ ᠭᠠᠷᠭᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠪᠡ᠃    ᠵᠢᠶᠠᠩ ᠼᠦᠩ ᠵᠢᠭᠠᠵᠤ ᠭᠠᠷᠭᠠᠭᠰᠠᠨ ᠨᠢ᠂ ᠰᠦᠩᠱᠠᠨ ᠲᠣᠭᠤᠷᠢᠭ ᠤᠨ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢᠨ ᠭᠤᠤᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ ᠂ ᠣᠶᠢᠷ᠎ᠠ ᠶᠢᠨ ᠵᠢᠯ ᠳᠤ᠂ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠰᠠᠭᠤᠷᠢ ᠢᠵᠢ ᠪᠥᠷᠢᠳᠦᠭᠦᠯᠬᠦ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠠᠵᠤ ᠦᠢᠯᠡᠰ ᠢ ᠡᠷᠡᠰ ᠭᠤᠶᠢᠪᠢᠰᠢ ᠥᠬᠡᠶ ᠬᠥᠭᠵᠢᠭᠦᠯᠦᠨ ᠪᠤᠵᠠᠭᠠᠶᠢᠷᠠᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ᠂ ᠭᠤᠷᠪᠠᠨ ᠬᠡᠮᠵᠢᠯᠳᠦ ᠵᠠᠭᠪᠤᠷ ᠪᠠᠶᠢᠭᠤᠯᠬᠤ᠂ ᠲᠣᠭᠠᠴᠢᠯᠠᠭᠰᠠᠨ ᠪᠦᠲᠦᠭᠡᠯᠴᠢ ᠰᠡᠳᠬᠢᠮᠵᠢ ᠪᠠ ᠣᠶᠤᠨᠴᠢ ᠦᠢᠯᠡᠳᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠤᠨ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠲᠡᠭᠦᠨ ᠢ ᠮᠠᠨ ᠤ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠪᠣᠯᠭᠠᠨ ᠪᠤᠶᠢᠵᠢᠭᠤᠯᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠦᠷᠢᠨᠰᠢᠬᠦᠯᠵᠦ᠂ ᠡᠯᠧᠮᠧᠨ᠋ᠲ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠨᠡᠩ ᠤᠯᠠᠨ ᠰᠠᠭᠤᠷᠢ ᠴᠢᠨᠠᠷᠲᠠᠢ ᠴᠢᠳᠠᠪᠤᠷᠢᠲᠠᠨ ᠢ ᠬᠥᠮᠦᠵᠢᠭᠦᠯᠵᠦ᠂ ᠠᠵᠤ ᠦᠢᠯᠡᠰ ᠤᠨ ᠬᠥᠭᠵᠢᠯᠲᠡ ᠳᠤ ᠭᠦᠢᠴᠡᠳ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠬᠤ ᠬᠡᠷᠡᠭᠲᠡᠢ᠃    ᠵᠢᠶᠠᠩ ᠼᠦᠩ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠰ ᠪᠤᠰᠬᠠᠬᠤ ᠬᠥᠭᠵᠢᠯᠲᠡ ᠶᠢ ᠳᠡᠮᠵᠢᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠰᠢᠨ᠎ᠡ ᠰᠡᠳᠬᠢᠴᠡ ᠶᠢ ᠰᠦᠪᠡᠭᠴᠢᠯᠡᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠠᠵᠤ ᠠᠬᠤᠶᠢᠯᠠᠯ ᠤᠨ ᠡᠵᠡᠩᠨᠡᠭᠴᠢᠳ ᠤᠨ ᠢᠲᠡᠭᠡᠯ ᠵᠣᠷᠢᠭ ᠢᠶᠠᠨ ᠪᠠᠲᠤᠳᠬᠠᠵᠤ᠂ ᠠᠤᠭ᠎ᠠ ᠵᠣᠷᠢᠭ ᠢ ᠪᠤᠢ ᠪᠣᠯᠭᠠᠵᠤ᠂ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠵᠤ᠂ ᠰᠦᠩᠱᠠᠨ ᠲᠣᠭᠤᠷᠢᠭ ᠤᠨ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号