ᠣᠶᠢᠷ᠎ᠠ ᠶᠢᠨ ᠵᠢᠯ ᠠᠴᠠ ᠨᠠᠰᠢ ᠰᠦᠩᠱᠠᠨ ᠲᠣᠭᠤᠷᠢᠭ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠠᠨ ᠲᠠᠰᠤᠷᠠᠯᠲᠠ ᠦᠭᠡᠶ ᠴᠢᠩᠭᠠᠳᠬᠠᠵᠤ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠤᠷᠲᠤ | ᠬᠤᠭᠤᠴᠠᠭᠠᠨ ᠤ ᠬᠦᠴᠦᠨ ᠪᠦᠬᠦᠢ ᠠᠷᠢᠭᠤᠨ ᠴᠡᠪᠡᠷ ᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠤᠲᠠ ᠶᠢᠨ ᠳᠦᠷᠰᠦ ᠪᠠᠶᠢᠳᠠᠯ ᠢ ᠬᠦᠴᠦᠲᠡᠶ ᠴᠡᠭᠴᠡᠯᠡᠨ ᠵᠠᠰᠠᠵᠤ᠂ ᠬᠤᠲᠠ ᠶᠢᠨ ᠠᠷᠢᠭᠤᠨ | ᠴᠡᠪᠡᠷ ᠤᠨ ᠣᠷᠴᠢᠨ ᠠᠬᠤᠶ ᠶᠢᠨ ᠴᠢᠨᠠᠷ ᠴᠢᠨᠰᠠᠭ᠎ᠠ ᠮᠡᠳᠡᠭᠳᠡᠬᠦ᠋ᠢᠴᠡ ᠳᠡᠭᠡᠭᠰᠢᠯᠡᠵᠦ᠂ ᠬᠤᠲᠠ ᠶᠢᠨ ᠳᠦᠷᠢ ᠲᠥᠷᠬᠦ | ᠦᠷᠭᠦᠯᠵᠢᠯᠡᠨ ᠳᠡᠭᠡᠭᠰᠢᠯᠡᠭᠰᠡᠨ ᠪᠠᠶᠢᠨ᠎ᠠ᠃ | ᠰᠦᠩᠱᠠᠨ ᠲᠣᠭᠤᠷᠢᠭ ︽ᠵᠣᠬᠢᠰᠲᠠᠶ ᠲᠥᠯᠥᠪᠵᠢᠭᠦᠯᠵᠦ᠂ ᠨᠢᠭᠡᠳᠦᠯᠲᠡᠶ ᠪᠠᠶᠢᠷᠢᠯᠠᠭᠤᠯᠬᠤ︾ | ᠣᠶᠢᠯᠠᠭᠠᠭᠳᠠᠬᠤᠨ ᠢ ᠪᠠᠷᠢᠮᠲᠠᠯᠠᠨ᠂ ᠰᠢᠨ᠎ᠡ ᠪᠠᠷ ᠪᠠᠶᠢᠭᠤᠯᠬᠤ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ | ᠥᠷᠲᠡᠭᠡ ᠶᠢᠨ ᠭᠠᠵᠠᠷ ᠰᠣᠩᠭᠤᠬᠤ᠂ ᠵᠢᠷᠤᠵᠤ ᠲᠥᠯᠥᠪᠯᠡᠬᠦ ᠪᠣᠭᠤᠮᠲᠠ ᠶᠢ ᠴᠢᠩᠭ᠎ᠠ ᠠᠳᠬᠤᠵᠤ᠂ ᠳᠠᠮᠵᠢᠭᠤᠯᠤᠨ | ᠲᠡᠭᠡᠭᠡᠪᠦᠷᠢᠯᠡᠬᠦ ᠥᠷᠲᠡᠭᠡ ᠶᠢᠨ ᠨᠣᠭᠤᠭᠠᠷᠠᠭᠤᠯᠤᠯᠲᠠ ᠶᠢᠨ ᠨᠣᠷᠮ᠎ᠠ ᠶᠢ ᠳᠡᠭᠡᠭᠰᠢᠯᠡᠭᠦᠯᠪᠡ︔ ᠰᠢᠨ᠎ᠡ ᠲᠥᠬᠦᠭᠡᠷᠦᠮᠵᠢ᠂ | ᠰᠢᠨ᠎ᠡ ᠤᠷᠠᠯᠠᠯ ᠢ ᠢᠳᠡᠪᠬᠢᠲᠡᠶ ᠪᠠᠷ ᠰᠤᠳᠤᠯᠤᠨ ᠨᠡᠭᠡᠭᠡᠵᠦ ᠬᠡᠷᠡᠭᠯᠡᠨ᠂ ᠪᠣᠬᠢᠷᠲᠤᠯ ᠢ ᠪᠠᠭᠠᠰᠬᠠᠬᠤ ᠶᠢᠨ ᠬᠠᠮᠲᠤ᠂ | ᠬᠤᠭ ᠨᠣᠪᠰᠢ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠬᠦ ᠳᠠᠪᠲᠠᠮᠵᠢ ᠶᠢ ᠨᠡᠮᠡᠭᠳᠡᠭᠦᠯᠦᠨ᠂ ᠰᠠᠭᠤᠭᠠᠯᠢ ᠲᠣᠭᠤᠷᠢᠭ ᠤᠨ ᠬᠤᠭ ᠨᠣᠪᠰᠢ ᠶᠢ ᠴᠠᠭ ᠲᠤᠬᠠᠶ ᠳᠤᠨᠢ | ᠴᠡᠪᠡᠷᠯᠡᠬᠦ ᠳᠤ ᠲᠥᠬᠦᠮ ᠦᠵᠡᠭᠦᠯᠪᠡ᠃ | ᠰᠢᠨ᠎ᠡ ᠪᠠᠷ ᠪᠠᠶᠢᠭᠤᠯᠤᠭᠰᠠᠨ ᠠᠪᠴᠢᠮᠠᠯ ᠬᠡᠯᠪᠡᠷᠢ ᠶᠢᠨ ᠳᠠᠮᠵᠢᠭᠤᠯᠤᠨ ᠲᠡᠭᠡᠭᠡᠪᠦᠷᠢᠯᠡᠬᠦ ᠦᠷᠳᠡᠭᠡ ᠳᠤ | ᠲᠣᠭᠤᠰᠣ ᠠᠷᠢᠯᠭᠠᠬᠤ ᠲᠥᠬᠦᠭᠡᠷᠦᠮᠵᠢ ᠨᠡᠮᠡᠭᠡᠳ᠂ ᠣᠷᠴᠢᠨ ᠠᠬᠤᠶ ᠶᠢᠨ ᠴᠢᠨᠠᠷ ᠴᠢᠨᠰᠠᠭ᠎ᠠ ᠶᠢ ᠤᠯᠠᠮ ᠨᠢᠭᠡ | ᠠᠯᠬᠤᠮ ᠰᠠᠶᠢᠵᠢᠷᠠᠭᠤᠯᠪᠠ᠃ ᠬᠤᠭ ᠨᠣᠪᠰᠢ ᠶᠢᠨ ᠥᠷᠲᠡᠭᠡ ᠳᠤ ᠡᠳᠦᠷ ᠪᠦᠷᠢ 34 ᠮᠠᠰᠢᠨ ᠲᠡᠷᠭᠡ᠂ 40 ᠭᠠᠷᠤᠶ | ᠬᠥᠮᠦᠨ ᠠᠵᠢᠯᠯᠠᠵᠤ᠂ 400 ᠲᠣᠨ ᠬᠤᠭ ᠨᠣᠪᠰᠢ ᠳᠠᠮᠵᠢᠭᠤᠯᠤᠨ ᠵᠦᠭᠡᠭᠡᠪᠦᠷᠢᠯᠡᠨ᠎ᠡ᠃ | ᠰᠦᠩᠱᠠᠨ ᠲᠣᠭᠤᠷᠢᠭ ᠪᠠᠰᠠ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠬᠢᠨ ᠪᠠᠶᠢᠴᠠᠭᠠᠬᠤ | ᠠᠵᠢᠯ ᠢᠶᠠᠷ ᠠᠵᠠ ᠲᠣᠬᠢᠶᠠᠯ ᠪᠣᠯᠭᠠᠵᠤ᠂ ᠨᠡᠶᠢᠲᠡ ᠶᠢᠨ ᠵᠣᠷᠯᠣᠩ ᠢ ᠪᠠᠶᠢᠭᠤᠯᠬᠤ ᠬᠠᠮᠢᠶᠠᠷᠤᠯᠲᠠ ᠶᠢᠨ ᠡᠷᠴᠢᠮ ᠢᠶᠠᠨ | ᠲᠠᠰᠤᠷᠠᠯᠲᠠ ᠦᠭᠡᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠨᠡᠶᠢᠲᠡ ᠶᠢᠨ ᠵᠣᠷᠯᠣᠩ ᠢ ᠪᠠᠶᠢᠭᠤᠯᠵᠤ᠂ ︽ᠪᠡᠶ᠎ᠡ | ᠴᠡᠪᠡᠷᠯᠡᠬᠦ︾ ᠳᠠᠩ ᠭᠠᠭᠴᠠ ᠴᠢᠳᠠᠮᠵᠢ ᠠᠴᠠ ᠴᠢᠳᠠᠮᠵᠢᠳᠦ ᠴᠢᠨᠠᠷ᠂ ᠲᠠᠭᠠᠯᠠᠮᠵᠢᠳᠤ ᠴᠢᠨᠠᠷ᠂ ᠠᠮᠢ ᠠᠬᠤᠢ ᠶᠢᠨ | ᠴᠢᠨᠠᠷᠲᠠᠢ ᠤᠯᠠᠨ ᠲᠠᠯ᠎ᠠ ᠶᠢᠨ ᠱᠠᠭᠠᠷᠳᠠᠯᠭ᠎ᠠ ᠶᠢ ᠬᠠᠩᠭᠠᠬᠤ ᠲᠡᠰᠢ ᠬᠤᠪᠢᠷᠠᠭᠤᠯᠵᠤ᠂ ᠤᠳᠤ ᠦᠶ᠎ᠡ ᠶᠢᠨ ᠰᠢᠨᠵᠢᠯᠡᠬᠦ | ᠤᠬᠠᠭᠠᠨ ᠮᠡᠷᠭᠡᠵᠢᠯ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ᠂ ᠦᠵᠡᠮᠵᠢ ᠶᠢᠨ ᠪᠠᠷᠢᠯᠭ᠎ᠠ ᠶᠢ ᠨᠢᠭᠡ | ᠴᠤᠬᠴᠠᠵᠢᠭᠤᠯᠤᠬᠰᠠᠨ ᠰᠢᠨ᠎ᠡ ᠤᠯᠠᠨ ᠨᠡᠶᠢᠲᠡ ᠶᠢᠨ ᠣᠷᠣᠨ ᠵᠠᠢ ᠶᠢ ᠪᠠᠶᠢᠭᠤᠯᠪᠠ᠃ | ᠰᠦᠩᠱᠠᠨ ᠲᠣᠭᠤᠷᠢᠭ ᠲᠤ ᠣᠳᠣᠬᠠᠨ ᠳᠤ 103 ᠨᠡᠶᠢᠲᠡ ᠶᠢᠨ ᠵᠣᠷᠯᠣᠩ ᠲᠠᠢ ᠪᠠᠶᠢᠵᠤ᠂ 93 ᠤᠰᠤᠨ | ᠵᠣᠷᠯᠣᠩ ᠳᠤ ᠰᠠᠭᠠᠳ ᠥᠬᠡᠶ ᠨᠡᠪᠲᠡᠷᠡᠬᠦ ᠵᠠᠮ᠂ ᠵᠡᠮᠳᠡᠭᠴᠦᠳ ᠤᠨ ᠲᠠᠰᠤᠯᠭ᠎ᠠ ᠨᠡᠮᠡᠵᠦ᠂ ᠴᠠᠭᠳᠠᠭ᠎ᠠ ᠠᠴᠠ | ᠲᠤᠰᠠᠯᠠᠮᠵᠢ ᠭᠤᠶᠤᠴᠢᠯᠠᠬᠤ ᠤᠲᠠᠰᠤ ᠲᠣᠬᠢᠷᠠᠭᠤᠯᠵᠤ᠂ ᠭᠠᠷ ᠤᠬᠢᠶᠠᠬᠤ ᠰᠢᠩᠭᠡᠨ ᠵᠡᠷᠭᠡ ᠶᠢ ᠬᠠᠩᠭᠠᠬᠤ ᠶᠢᠨ ᠬᠠᠮᠲᠤ | ᠂ ᠦᠨᠦᠷ ᠠᠷᠢᠯᠭᠠᠬᠤ ᠡᠳ᠋᠂ ᠢᠯᠠᠭ᠎ᠠ ᠥᠳᠥᠭᠡᠬᠦ ᠲᠥᠬᠦᠭᠡᠷᠦᠮᠵᠢ ᠵᠡᠷᠭᠡ ᠶᠢ ᠨᠡᠮᠡᠭᠳᠡᠭᠦᠯᠵᠦ᠂ ᠣᠷᠴᠢᠨ ᠲᠣᠭᠤᠷᠢᠨ ᠤ | ᠤᠰᠠᠳᠬᠠᠯᠲᠠ ᠶᠢ ᠴᠢᠩᠭᠠᠳᠬᠠᠵᠤ᠂ ᠬᠤᠲᠠ ᠶᠢᠨ ᠠᠷᠠᠳ ᠤᠨ ᠵᠣᠷᠯᠣᠩ ᠬᠡᠷᠡᠭᠯᠡᠬᠦ ᠮᠡᠳᠡᠷᠡᠮᠵᠢ ᠶᠢ ᠦᠷᠭᠦᠯᠵᠢᠯᠡᠨ | ᠳᠡᠭᠡᠭᠰᠢᠯᠡᠭᠦᠯᠪᠡ᠃ | ᠡᠭᠦᠨ ᠠᠴᠠ ᠭᠠᠳᠠᠨ᠎ᠠ᠂ ᠰᠦᠩᠱᠠᠨ ᠲᠣᠭᠤᠷᠢᠭ ᠲᠤ ᠪᠠᠰᠠ ᠬᠤᠲᠠ ᠶᠢᠨ ᠲᠣᠭᠤᠷᠢᠭ ᠤᠨ ᠭᠤᠤᠯ ᠳᠡᠳ᠋ ᠵᠠᠮ | ᠂ ᠴᠡᠴᠡᠷᠯᠢᠭ᠂ ᠠᠭᠤᠳᠠᠮ ᠲᠠᠯᠠᠪᠠᠶ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢᠨ ᠬᠤᠶᠠᠷ ᠲᠥᠷᠥᠯ | ᠬᠤᠪᠢᠶᠠᠭᠰᠠᠨ ᠵᠢᠮᠢᠰ ᠤᠨ ᠬᠠᠯᠢᠰᠤ ᠶᠢᠨ ᠬᠠᠶᠢᠷᠴᠠᠭ ᠵᠡᠷᠭᠡ ᠬᠤᠭ ᠨᠣᠪᠰᠢ ᠬᠤᠷᠢᠶᠠᠨ ᠴᠤᠭᠯᠠᠭᠤᠯᠬᠤ ᠰᠠᠪᠠ | ᠲᠠᠭᠠᠷᠠᠭᠤᠯᠵᠤ᠂ ᠬᠤᠭ ᠨᠣᠪᠰᠢ ᠶᠢ ᠬᠤᠷᠢᠶᠠᠨ ᠠᠪᠬᠤ ᠠᠵᠢᠯ ᠢ ᠰᠠᠶᠢᠲᠤᠷ ᠬᠢᠪᠠ︔ ︽ᠵᠢᠷᠭᠤᠭ᠎ᠠ ᠥᠬᠡᠶ︾ ︽ | ᠳᠥᠷᠪᠡᠨ ᠴᠡᠪᠡᠷ︾ ᠤᠨ ᠪᠠᠷᠢᠮᠵᠢᠶ᠎ᠠ ᠲᠠᠢ ᠬᠠᠷᠢᠴᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯ ᠬᠤᠲᠠ ᠲᠣᠭᠤᠷᠢᠭ ᠤᠨ 900 ᠲᠦᠮᠡᠨ | ᠲᠡᠭᠰᠢ ᠳᠥᠷᠪᠡᠯᠵᠢᠨ ᠮᠧᠲᠷ ᠤᠨ ᠭᠤᠤᠯ ᠪᠠ ᠳᠡᠳ᠋ ᠭᠤᠤᠯ ᠵᠠᠮ ᠤᠨ ᠡᠳᠦᠷ ᠪᠦᠷᠢ ᠶᠢᠨ ᠠᠷᠢᠭᠤᠨ ᠴᠡᠪᠡᠷ ᠤᠨ | ᠴᠠᠭ ᠢ 16 ᠴᠠᠭ ᠠᠴᠠ ᠳᠣᠤᠷ᠎ᠠ ᠪᠠᠶᠢᠯᠭᠠᠬᠤ ᠥᠬᠡᠶ᠂ ᠠᠷᠤ ᠵᠡᠭᠡᠯᠢ ᠵᠢᠵᠢᠭ ᠭᠤᠳᠤᠮᠵᠢ ᠶᠢᠨ ᠡᠳᠦᠷ ᠪᠦᠷᠢ ᠶᠢᠨ | ᠠᠷᠢᠭᠤᠨ ᠴᠡᠪᠡᠷ ᠤᠨ ᠴᠠᠭ ᠢ 12 ᠴᠠᠭ ᠠᠴᠠ ᠳᠣᠤᠷ᠎ᠠ ᠪᠠᠶᠢᠯᠭᠠᠬᠤ ᠥᠬᠡᠶ᠂ ᠪᠠᠶᠢᠭᠤᠯᠤᠭᠰᠠᠨ ᠲᠣᠭᠤᠷᠢᠭ ᠤᠨ | ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ 85% ᠳᠤ ᠬᠦᠷᠦᠭᠦᠯᠦᠨ᠎ᠡ᠃ |