ᠣᠯᠠᠨ ᠲᠦᠮᠡᠨ ᠤ ᠴᠠᠭ ᠪᠠ ᠵᠠᠷᠤᠳᠠᠯ ᠢ ᠠᠷᠪᠢᠯᠠᠬᠤ ᠶᠢᠨ ᠲᠥᠯᠥᠭᠡ᠂ ᠰᠦᠩᠱᠠᠨ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ | ᠵᠠᠭᠪᠤᠷ ᠢ ᠨᠡᠭᠡᠭᠡᠵᠦ᠂ ᠰᠢᠤᠳᠠᠨ ᠤ ᠺᠣᠮᠫᠠᠨᠢ ᠲᠠᠢ ᠬᠠᠮᠲᠤᠷᠠᠯᠴᠠᠵᠤ ᠪᠠᠶᠢᠭᠠᠳ ︽ᠵᠠᠰᠠᠭ ᠤᠨ ᠶᠠᠪᠤᠳᠠᠯ ᠤᠨ | ᠦᠢᠯᠡᠴᠢᠯᠡᠭᠡ + ᠰᠢᠤᠳᠠᠨ ᠤ ᠲᠤᠰᠬᠠᠶ ᠳᠠᠮᠵᠢᠭᠤᠯᠭ᠎ᠠ︾ ᠶᠢ ᠭᠠᠷᠭᠠᠪᠠ᠃ ᠰᠦᠢᠳᠬᠡᠯ ᠬᠤᠷᠢᠶᠠᠬᠤ ᠥᠬᠡᠶ ᠪᠠᠷ | ᠰᠢᠤᠳᠠᠨ ᠢᠶᠠᠷ ᠢᠯᠡᠭᠡᠬᠦ ᠨᠥᠬᠦᠴᠡᠯ ᠳᠤ ᠨᠡᠶᠢᠴᠡᠬᠦ ᠣᠯᠠᠨ ᠲᠦᠮᠡᠨ ᠴᠥᠮ ᠰᠦᠢᠳᠬᠡᠯ ᠬᠤᠷᠢᠶᠠᠬᠤ ᠥᠬᠡᠶ ᠪᠠᠷ | ᠰᠢᠤᠳᠠᠨ ᠢᠶᠠᠷ ᠢᠯᠡᠭᠡᠬᠦ ᠦᠢᠯᠡᠴᠢᠯᠡᠭᠡ ᠶᠢ ᠰᠠᠶᠢᠨ ᠳᠤᠷ᠎ᠠ ᠠᠴᠠ ᠪᠠᠨ ᠰᠣᠩᠭᠤᠵᠤ ᠪᠣᠯᠤᠨ᠎ᠠ᠂ ᠵᠥᠪᠬᠡᠨ ︽ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠰᠦᠢᠳᠬᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ ᠮᠡᠳᠡᠭᠳᠡᠯ ᠤᠨ ᠬᠠᠭᠤᠳᠠᠰᠤ︾ ᠶᠢ ᠲᠠᠭᠯᠠᠪᠠᠯ᠂ | ᠦᠨᠡᠮᠯᠡᠯ ᠢ ᠨᠢ ︽ᠠᠶᠠᠨᠳᠠᠭᠠᠨ︾ ᠣᠯᠠᠨ ᠲᠦᠮᠡᠨ ᠤ ᠬᠡᠷ ᠲᠤ ᠬᠦᠷᠭᠡᠵᠦ ᠦᠭᠭᠦᠨ᠎ᠡ᠃ ᠤᠯᠠᠨ ᠲᠦᠮᠡᠨ ᠶᠠᠮᠠᠷ ᠴᠤ | ᠵᠠᠷᠤᠳᠠᠯ ᠤᠨ ᠠᠰᠠᠭᠤᠳᠠᠯ ᠳᠤ ᠰᠠᠨᠠᠭ᠎ᠠ ᠵᠣᠪᠠᠭ᠋ᠤ ᠬᠡᠷᠡᠭ ᠦᠭᠡᠢ᠂ ᠵᠠᠰᠠᠭ ᠤᠨ ᠣᠷᠳᠣᠨ ᠪᠠ ᠰᠢᠦᠳᠠᠨ ᠤ ᠺᠣᠮᠫᠠᠨᠢ | ᠬᠠᠮᠲᠤ ᠪᠠᠷ ᠲᠣᠭᠠᠴᠠᠭ᠎ᠠ ᠬᠢᠨ᠎ᠡ᠂ ᠥᠭᠡᠷᠡᠴᠢᠯᠡᠯᠲᠡ ᠶᠢᠨ ᠠᠰᠢᠭ ᠢ ᠤᠯᠠᠨ ᠲᠦᠮᠡᠨ ᠳᠤ ᠦᠨᠡᠨ ᠪᠣᠳᠠᠲᠠᠢ ᠪᠠᠷ | ᠡᠳ᠋ᠯᠡᠭᠦᠯᠦᠶ᠎ᠡ︕ |