︽ᠲᠠᠯ᠎ᠠ ᠨᠤᠲᠤᠭ ᠤᠨ ᠨᠣᠮ ᠤᠨ ᠥᠷᠥᠭᠡ︾ ᠨᠢ ᠠᠷᠠᠳ ᠤᠯᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ︽ᠲᠣᠰᠣ ᠨᠡᠮᠡᠬᠦ ᠥᠷᠲᠡᠭᠡ︾ ᠪᠣᠯᠪᠠ
ᠨᠡᠶᠢᠲᠡᠯᠡᠭᠰᠡᠨ ᠴᠠᠭ᠄
2023/4/21
        ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠳᠠᠷᠢᠵᠤ ᠲᠡᠵᠢᠭᠡᠨ ᠦᠷᠡᠵᠢᠭᠦᠯᠬᠦ ᠮᠡᠳᠡᠯᠭᠡ ᠶᠢᠨ ᠬᠡᠷᠡᠭᠴᠡᠭᠡ ᠶᠢ ᠨᠠᠩ ᠰᠠᠶᠢᠨ ᠬᠠᠩᠭᠠᠵᠤ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠳᠠᠷᠢᠵᠤ ᠲᠡᠵᠢᠭᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠲᠠᠢ ᠫᠢᠩ ᠳ᠋ᠢ ᠪᠠᠯᠭᠠᠰᠤ  ︽ᠲᠠᠯ᠎ᠠ ᠨᠤᠲᠤᠭ ᠤᠨ ᠨᠣᠮ ᠤᠨ ᠥᠷᠥᠭᠡ︾ ᠳᠤ ᠬᠠᠮᠢᠶ᠎ᠠ ᠪᠥᠬᠦᠶ ᠨᠣᠮ ᠪᠢᠴᠢᠭ ᠢ ᠢᠳᠡᠪᠬᠢᠲᠡᠶ ᠳᠣᠭᠢᠷᠠᠭᠤᠯᠪᠠ︔ ᠡᠭᠦᠨ ᠤ ᠬᠠᠮᠲᠤ ᠨᠣᠮ ᠤᠨ ᠦᠷᠦᠭᠡ ᠶᠢᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠨᠣᠮ ᠤᠨ ᠬᠠᠮᠢᠶᠠᠷᠤᠭᠴᠢ ᠶᠢ ᠬᠥᠮᠦᠵᠢᠭᠦᠯᠵᠦ᠂ ᠲᠣᠰᠬᠤᠨ ᠤ ᠠᠷᠠᠳ ᠤᠨ ᠨᠣᠮ ᠰᠣᠩᠭᠤᠬᠤ᠂ ᠨᠣᠮ ᠬᠡᠷᠡᠭᠯᠡᠬᠦ ᠶᠢ ᠴᠠᠭ ᠲᠤᠬᠠᠢ ᠳᠤᠨᠢ ᠪᠦᠲᠦᠮᠵᠢᠲᠡᠢ ᠵᠢᠯᠣᠭᠤᠳᠤᠨ᠎ᠠ᠃ ᠡᠯ᠎ᠡ ᠲᠣᠰᠬᠤᠨ ᠤ ︽ᠲᠠᠯ᠎ᠠ ᠨᠤᠲᠤᠭ ᠤᠨ ᠨᠣᠮ ᠤᠨ ᠥᠷᠥᠭᠡ︾ ᠨᠢ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠪᠠᠰᠠ ᠨᠡᠭᠡᠭᠡᠬᠦ ᠴᠠᠭ ᠢ ᠤᠷᠲᠤᠳᠬᠠᠭᠰᠠᠨ ᠪᠣᠯᠬᠤᠷ ᠲᠣᠰᠬᠤᠨ ᠤ ᠠᠷᠠᠳ ᠨᠣᠮ ᠤᠨ ᠥᠷᠥᠭᠡᠨ ᠳᠡᠭᠡᠨ ᠨᠣᠮ ᠤᠩᠰᠢᠵᠤ ᠪᠣᠯᠬᠤ ᠪᠠᠷ ᠪᠠᠷᠠᠬᠤ ᠥᠬᠡᠶ ᠪᠠᠰᠠ ᠨᠣᠮ ᠵᠢᠭᠡᠯᠡᠵᠦ ᠬᠡᠷ ᠲᠡᠭᠡᠨ ᠬᠠᠷᠢᠵᠤ ᠲᠠᠷᠢᠬᠢ ᠪᠠᠨ ᠴᠡᠨᠡᠭᠯᠡᠵᠦ ᠪᠣᠯᠤᠨ᠎ᠠ᠃ ᠠᠷᠠᠳ ᠲᠤ ᠠᠰᠢᠭ ᠬᠦᠷᠲᠡᠭᠡᠬᠦ ᠰᠢᠷᠢᠰ ᠠᠷᠭ᠎ᠠ ᠬᠡᠮᠵᠢᠶ᠎ᠡ ᠨᠢ ᠲᠠᠯ᠎ᠠ ᠨᠤᠲᠤᠭ ᠤᠨ ᠨᠣᠮ ᠤᠨ ᠦᠷᠦᠭᠡ ᠶᠢ ᠬᠠᠪᠰᠤᠷᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ︽ᠤᠶᠤᠨ ᠤ ᠲᠡᠵᠢᠭᠡᠯ︾ ᠪᠣᠯᠤᠨ ︽ᠬᠡᠷᠡᠭᠯᠡᠭᠡᠨ ᠤ ᠤᠷ᠎ᠠ ᠴᠢᠳᠠᠪᠤᠷᠢ︾ ᠬᠦᠷᠭᠡᠪᠡ᠃      ᠣᠳᠣᠬᠠᠨ ᠪᠣᠯᠲᠠᠯ᠎ᠠ᠂ ᠲᠠᠢ ᠫᠢᠩ ᠳ᠋ᠢ ᠪᠠᠯᠭᠠᠰᠤ ᠶᠢᠨ 21 ᠵᠠᠰᠠᠭ ᠵᠠᠬᠢᠷᠭᠠᠨ ᠤ ᠲᠣᠰᠬᠤᠨ ᠤ ︽ᠲᠠᠯ᠎ᠠ ᠨᠤᠲᠤᠭ ᠤᠨ ᠨᠣᠮ ᠤᠨ ᠦᠷᠦᠭᠡ︾ ᠳᠤ ᠨᠠᠮ ᠤᠨ ᠤᠨᠤᠯ᠂ ᠲᠡᠵᠢᠭᠡᠨ ᠦᠷᠡᠵᠢᠭᠦᠯᠬᠦ᠂ ᠲᠠᠷᠢᠮᠠᠯ᠂ ᠬᠠᠤᠯᠢ ᠴᠠᠭᠠᠵᠠ ᠵᠡᠷᠭᠡ ᠡᠯ᠎ᠡ ᠲᠦᠷᠦᠯ ᠤᠨ ᠨᠣᠮ ᠪᠢᠴᠢᠭ ᠢ ᠪᠦᠬᠦᠨ ᠢ ᠲᠤᠬᠢᠷᠠᠭᠤᠯᠵᠤ᠂ ᠲᠣᠰᠬᠤᠨ ᠤ ᠠᠷᠠᠳ ᠤᠨ ᠤᠶᠤᠨ ᠤ ᠰᠣᠶᠣᠯ ᠤᠨ ᠠᠮᠢᠳᠤᠷᠠᠯ ᠪᠣᠯᠤᠨ ᠬᠡᠷᠡᠭᠯᠡᠭᠡᠨ ᠤ ᠮᠡᠷᠭᠡᠵᠢᠯ ᠤᠨ ᠬᠡᠷᠡᠭᠴᠡᠭᠡ ᠶᠢ ᠲᠦᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠪᠥᠭᠡᠳ ᠬᠠᠩᠭᠠᠭᠰᠠᠨ ᠪᠠᠶᠢᠨ᠎ᠠ᠃ ᠣᠳᠣᠬᠠᠨ ᠳᠤ᠂ ᠨᠣᠮ ᠪᠢᠴᠢᠭ ᠤᠩᠰᠢᠵᠤ ᠮᠡᠷᠭᠡᠵᠢᠯ ᠰᠤᠷᠬᠤ ᠨᠢ ᠨᠢᠭᠡᠨᠲᠡ ᠲᠠᠢ ᠫᠢᠩ ᠳ᠋ᠢ ᠪᠠᠯᠭᠠᠰᠤᠨ ᠤ ᠲᠣᠰᠬᠤᠨ ᠤ ᠠᠷᠠᠳ ᠤᠨ ᠰᠢᠨ᠎ᠡ ᠤᠷᠤᠰᠬᠠᠯ ᠪᠣᠯᠵᠣ᠂ ︽ᠲᠠᠯ᠎ᠠ ᠨᠤᠲᠤᠭ ᠤᠨ ᠨᠣᠮ ᠤᠨ ᠥᠷᠥᠭᠡ︾ ᠨᠢ ᠦᠨᠡᠨ ᠬᠦ ᠮᠡᠳᠡᠯᠭᠡ ᠰᠢᠩᠭᠡᠭᠡᠨ ᠠᠪᠬᠤ ︽ᠣᠶᠤᠨ ᠤᠬᠠᠭᠠᠨ ᠤ ᠬᠥᠮᠥᠷᠭᠡ︾ ᠵᠢᠴᠢ ᠬᠥᠳᠡᠭᠡ ᠶᠢᠨ ᠵᠠᠩ ᠰᠤᠷᠲᠠᠯ ᠤᠨ ᠪᠣᠯᠪᠠᠰᠤᠨ ᠢ ᠠᠬᠢᠭᠤᠯᠬᠤ᠂ ᠣᠯᠠᠨ ᠲᠦᠮᠡᠨ ᠢ ᠬᠥᠲᠥᠯᠥᠨ ᠳᠠᠭᠠᠭᠤᠯᠵᠤ ᠰᠢᠨᠵᠢᠯᠡᠬᠦ ᠤᠬᠠᠭᠠᠨᠴᠢ ᠪᠠᠷ ᠳᠠᠷᠢᠵᠤ ᠲᠡᠵᠢᠭᠡᠬᠦ ︽ᠰᠠᠶᠢᠨ ᠬᠠᠪᠰᠤᠷᠤᠭᠴᠢ︾ ᠪᠣᠯᠤᠭᠰᠠᠨ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号