4 ᠰᠠᠷ᠎ᠠ ᠶᠢᠨ 20 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠡᠮ ᠡᠮᠨᠡᠯᠭᠡ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠪᠣᠯᠵᠣᠨ | ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠬᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠪᠦᠬᠦ ᠲᠣᠭᠤᠷᠢᠭ ᠤᠨ ᠡᠯ᠎ᠡ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠬᠢᠵᠦ᠂ ᠬᠤᠷᠠᠯ ᠳᠤ ᠣᠷᠣᠯᠴᠠᠭᠰᠠᠳ ᠲᠤ | ᠥᠨᠳᠥᠷ ᠳᠠᠪᠬᠤᠷᠭ᠎ᠠ ᠶᠢᠨ ᠭᠠᠯ ᠤᠨ ᠭᠠᠮᠰᠢᠭ ᠤᠨ ᠠᠳᠡᠯ ᠭᠠᠷᠬᠤ ᠶᠢᠨ ᠠᠶᠤᠯᠳᠤ ᠴᠢᠨᠠᠷ ᠪᠣᠯᠤᠨ ᠡᠮᠴᠢᠯᠡᠭᠡᠨ ᠤ | ᠲᠠᠯᠠᠪᠤᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠪᠠ︔ ᠪᠥᠬᠦ | ᠲᠣᠭᠤᠷᠢᠭ ᠤᠨ ᠣᠶᠢᠷ᠎ᠠ ᠶᠢᠨ ᠬᠤᠭᠤᠴᠠᠭᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠭᠠᠯ | ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠪᠣᠯᠤᠨ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ | ᠣᠷᠣᠰᠢᠵᠤ ᠮᠡᠳᠡᠬᠦ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠠᠳᠠᠯᠬᠤ ᠶᠢᠨ ᠬᠠᠮᠲᠤ ᠬᠠᠮᠢᠶ᠎ᠠ ᠪᠥᠬᠦᠶ | ᠠᠵᠢᠯ ᠢ ᠰᠠᠶᠢᠲᠤᠷ ᠬᠢᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠱᠠᠭᠠᠷᠳᠠᠭᠰᠠᠨ ᠨᠢ᠂ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠬᠠᠷᠢᠶ᠎ᠠ | ᠣᠷᠣᠨ ᠤ ᠬᠠᠮᠢᠶᠠᠷᠤᠯᠲᠠ ᠪᠣᠯᠤᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠶᠢᠨ ᠲᠠᠯᠠᠪᠤᠷ ᠤᠨ ᠭᠠᠯ ᠤᠨᠲᠠᠷᠠᠭᠠᠬᠤ ᠠᠮᠤᠷ | ᠲᠦᠪᠰᠢᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠭᠠᠯ ᠤᠨᠲᠠᠷᠠᠭᠠᠬᠤ | ᠪᠣᠯᠪᠠᠰᠤᠷᠠᠭᠤᠯᠤᠯ ᠪᠠ ᠰᠣᠷᠢᠯᠲᠠ ᠶᠢ ᠴᠢᠩᠭ᠎ᠠ ᠠᠳᠬᠤᠵᠤ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ | ᠲᠠᠷᠬᠠᠭᠠᠬᠤ ᠪᠡᠯᠡᠳᠬᠡᠯ ᠲᠥᠰᠦᠯ ᠲᠣᠭᠲᠠᠭᠠᠵᠤ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ ᠶᠢ ᠪᠠᠷᠢᠮᠵᠢᠶ᠎ᠠ | ᠶᠣᠰᠣᠭᠠᠷ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠳᠠᠨ ᠠᠵᠢᠯᠴᠢᠨ ᠤ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢ | ᠨᠡᠮᠡᠭᠳᠡᠭᠦᠯᠦᠨ᠂ ᠭᠠᠯ ᠤᠨᠲᠠᠷᠠᠭᠠᠬᠤ ᠶᠢᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠭᠠᠯ ᠤᠨ | ᠰᠡᠷᠭᠡᠶᠢᠯᠡᠯᠲᠡ ᠶᠢᠨ ᠨᠠᠷᠢᠨ ᠨᠢᠭᠲᠠ ᠲᠣᠭᠤᠷᠢᠨ ᠪᠠᠶᠢᠴᠠᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ | ᠶᠡᠭᠡ ᠭᠠᠯ ᠤᠨ ᠠᠶᠤᠯ ᠤᠨ ᠡ᠊ᠨᠳᠡᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠ ᠲᠡᠭᠦᠨ ᠠᠴᠠ | ᠵᠠᠶᠢᠯᠠᠰᠬᠢᠬᠦ ᠬᠡᠷᠡᠭᠲᠡᠶ᠃ |