4 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠵᠣᠣ ᠬᠤᠩ ᠵᠢᠶᠦ᠋ᠨ ᠪᠠᠶᠢᠴᠠᠭᠠᠨ ᠰᠤᠳᠤᠯᠬᠤ | ᠳᠤᠭᠤᠶᠢᠯᠠᠩ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ᠂ ᠡᠮᠡᠭᠲᠡᠶᠢᠴᠦᠳ ᠬᠡᠤᠬᠡᠳ ᠤᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠲᠣᠭᠤᠷᠢᠭ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠦ᠋ ᠴᠢᠶᠠᠩ | ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠦᠩᠱᠠᠨ ᠤ ᠠᠷᠪᠠᠨ ᠬᠤᠶᠠᠳᠤᠭᠠᠷ ᠴᠡᠴᠡᠷᠯᠢᠭ᠂ | ᠰᠦᠩᠱᠠᠨ ᠤ ᠭᠤᠷᠪᠠᠳᠤᠭᠠᠷ ᠴᠡᠴᠡᠷᠯᠢᠭ᠂ ᠲᠢᠶᠧ ᠳ᠋ᠦᠩ ᠵᠡᠭᠡᠯᠢ ᠭᠤᠳᠤᠮᠵᠢ ᠶᠢᠨ ᠰᠢᠶᠠᠩ ᠭᠧ ᠯᠢ ᠯᠡ ᠨᠡᠶᠢᠭᠡᠮ | ᠲᠣᠭᠤᠷᠢᠭ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠤᠷᠤᠭ ᠤᠨ ᠶᠠᠪᠤᠳᠠᠯ ᠢ ᠡᠶᠡᠳᠡᠭᠦᠯᠬᠦ | ᠵᠥᠪᠯᠡᠯ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠳᠠᠩᠰᠠ ᠡᠪᠬᠡᠮᠡᠯ ᠢ | ᠪᠠᠶᠢᠴᠠᠭᠠᠨ ᠦᠵᠡᠬᠦ᠂ ᠨᠡᠪᠲᠡᠷᠡᠯᠴᠡᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠠᠷᠭ᠎ᠠ | ᠬᠡᠯᠪᠡᠷᠢ ᠪᠠᠷ ᠬᠡᠦᠬᠡᠳ ᠤᠨ ᠭᠡᠷ ᠪᠦᠯᠢ᠂ ᠬᠡᠦᠬᠡᠳ ᠭᠡᠷ ᠤᠨ ᠠᠬᠠᠮᠠᠳ ᠤᠨ ᠤᠩᠰᠢᠯᠭ᠎ᠠ ᠶᠢᠨ ᠰᠠᠭᠤᠷᠢᠨ ᠤ ᠪᠦᠲᠦᠭᠡᠨ | ᠪᠠᠶᠢᠭᠤᠯᠤᠯᠲᠠ ᠵᠢᠴᠢ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ᠂ ᠤᠷᠤᠭ ᠤᠨ ᠶᠠᠪᠤᠳᠠᠯ ᠢ ᠡᠶᠡᠳᠡᠭᠦᠯᠬᠦ | ᠵᠡᠷᠭᠡ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠪᠠ︔ ᠡᠭᠦᠨ ᠤ ᠬᠠᠮᠲᠤ ︽ᠰᠦᠩᠱᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠡᠷᠬᠡ | ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ︾ ᠤᠨ ᠫᠠᠶᠢᠰᠠ ᠶᠢ ᠰᠡᠬᠦᠵᠦ᠂ ᠰᠦᠩᠱᠠᠨ ᠲᠣᠭᠤᠷᠢᠭ ᠤᠨ | ᠤᠷᠤᠭ ᠤᠨ ᠶᠠᠪᠤᠳᠠᠯ ᠢ ᠡᠶᠡᠳᠡᠭᠦᠯᠬᠦ ᠵᠥᠪᠯᠡᠯ ᠳᠤ ︽ᠪᠦᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ | ᠪᠠᠶᠢᠷᠢ︾ ᠭᠡᠬᠦ ᠢᠷᠠᠭᠤ ᠠᠯᠳᠠᠷ ᠤᠨ ᠫᠠᠶᠢᠰᠠ ᠤᠯᠭᠤᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ | ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠲᠣᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠥᠲᠥᠯᠦᠨ ᠳᠠᠭᠠᠭᠤᠯᠵᠤ ᠬᠠᠷᠢᠯᠴᠠᠬᠤ ᠦᠢᠯᠡᠴᠢᠯᠡᠭᠡᠨ ᠤ ᠡᠭᠦᠷᠭᠡ | ᠴᠢᠳᠠᠪᠤᠷᠢ ᠪᠠᠨ ᠰᠠᠶᠢᠲᠤᠷ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠬᠡᠤᠬᠡᠳ ᠤᠨ ᠠᠵᠢᠯ ᠤᠨ | ᠰᠢᠨ᠎ᠡ ᠶᠢ ᠡᠭᠦᠳᠦᠨ ᠬᠥᠭᠵᠢᠬᠦ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠮᠡᠭᠲᠡᠶᠢᠴᠦᠳ ᠤᠨ ᠬᠥᠭᠵᠢᠯᠲᠡ | ᠂ ᠬᠡᠷ ᠪᠦᠯᠢ ᠶᠢᠨ ᠬᠥᠮᠦᠵᠢᠯ᠂ ᠡᠮᠡᠭᠲᠡᠶᠢᠴᠦᠳ ᠤᠨ ᠨᠥᠬᠦᠷᠰᠡᠭ ᠬᠡᠯᠪᠡᠷᠢ ᠶᠢᠨ ᠬᠤᠲᠠ᠂ ᠬᠡᠤᠬᠡᠳ ᠤᠨ ᠨᠥᠬᠦᠷᠰᠡᠭ | ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠬᠤᠶᠢᠰᠢᠳᠠ ᠶᠢᠨ ᠠᠵᠢᠯ ᠤᠨ ᠭᠤᠤᠯᠳᠠᠯᠭ᠎ᠠ ᠪᠠᠨ ᠪᠣᠯᠭᠠᠵᠤ | ᠂ ᠥᠷᠭᠡᠨ ᠣᠯᠠᠨ ᠡᠮᠡᠭᠲᠡᠶᠢᠴᠦᠳ ᠵᠢᠴᠢ ᠬᠡᠷ ᠪᠦᠯᠢ ᠶᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠳᠤ | ᠭᠠᠪᠢᠶ᠎ᠠ ᠪᠠᠶᠢᠭᠤᠯᠬᠤ ᠬᠡᠷᠡᠭᠲᠡᠶ ᠭᠡᠪᠡ᠃ |