ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠪᠡᠭᠡᠵᠢᠩ ᠤᠨ ᠱᠧᠦ ᠺᠠᠩ ᠨᠠᠰᠤᠵᠢᠯ ᠤᠨ ᠠᠰᠠᠷᠠᠮᠵᠢ ᠶᠢᠨ ᠪᠦᠯᠦᠭᠯᠡᠯ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/24
      4 ᠰᠠᠷ᠎ᠠ ᠶᠢᠨ 19 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠡᠭᠡᠵᠢᠩ ᠤᠨ ᠱᠸᠤ ᠺᠠᠩ ᠨᠠᠰᠤᠵᠢᠯ ᠤᠨ ᠠᠰᠠᠷᠠᠮᠵᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠱᠠᠩ ᠵᠠᠨ ᠬᠤ᠋ ᠨᠠᠷ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠡᠷᠡᠭᠦᠯᠵᠢᠯ ᠰᠤᠪᠢᠯᠠᠯᠲᠠ ᠶᠢᠨ ᠲᠦᠷᠦᠯ ᠵᠦᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠶᠠᠷᠢᠯᠴᠠᠬᠤ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠦᠩ ᠴᠢᠩ ᠰᠦᠩ ᠡᠷᠬᠢᠯᠡᠵᠦ᠂ ᠯᠢᠶᠠᠩ ᠮᠢᠩ ᠽᠧ᠂ ᠰᠢᠤᠢ ᠹᠸᠢ ᠶᠠᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃       ᠪᠡᠭᠡᠵᠢᠩ ᠤᠨ ᠱᠧᠤ ᠺᠠᠩ ᠨᠠᠰᠤᠵᠢᠯ ᠤᠨ ᠠᠰᠠᠷᠠᠮᠵᠢ ᠶᠢᠨ ᠪᠦᠯᠦᠭᠯᠡᠯ ᠪᠣᠯ ᠤᠶᠤᠨᠲᠤ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠡᠷᠡᠭᠦᠯᠵᠢᠯ ᠢ ᠨᠢᠭᠡ ᠴᠤᠭᠴᠠᠵᠢᠭᠤᠯᠬᠤ ᠪᠠᠷ ᠭᠤᠣᠯ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ᠎ᠠ᠂ ᠥᠪᠥᠷ ᠮᠣᠩᠭᠤᠯ᠂ ᠾᠧᠪᠸᠢ᠂ ᠲᠢᠶᠠᠨᠵᠢᠨ ᠵᠡᠷᠭᠡ ᠭᠠᠵᠠᠷ ᠲᠤ ᠨᠠᠰᠤᠵᠢᠯ ᠤᠨ ᠠᠰᠠᠷᠠᠮᠵᠢ᠂ ᠡᠮᠴᠢᠯᠡᠭᠡᠨ ᠤ ᠪᠠᠶᠢᠭᠤᠯᠤᠮᠵᠢ ᠪᠣᠯᠤᠨ ᠤᠶᠤᠨᠲᠤ ᠭᠡᠷ ᠪᠦᠯᠢ ᠶᠢᠨ ᠨᠠᠰᠤᠲᠠᠶᠢᠴᠤᠳ ᠲᠤ ᠦᠢᠯᠡᠴᠢᠯᠡᠬᠦ ᠲᠥᠪ ᠢ ᠨᠡᠶᠢᠲᠡ 70 ᠭᠠᠷᠤᠢ ᠡᠵᠡᠩᠨᠡᠵᠦ᠂ ᠨᠠᠰᠤᠵᠢᠯ ᠤᠨ ᠠᠰᠠᠷᠠᠮᠵᠢ ᠶᠢᠨ ᠬᠡᠯᠬᠢᠶᠡᠲᠦ ᠵᠠᠭᠪᠤᠷ ᠨᠢᠭᠡᠨᠲᠡ ᠬᠡᠪᠴᠢᠶᠡᠵᠢᠯ ᠲᠠᠢ ᠪᠤᠯᠵᠤ᠂ ᠪᠦᠬᠦ ᠤᠯᠤᠰ ᠤᠨ ᠨᠡᠯᠢᠶᠡᠳ ᠶᠡᠭᠡ ᠨᠠᠰᠤᠵᠢᠯ ᠤᠨ ᠠᠰᠠᠷᠠᠮᠵᠢ ᠶᠢᠨ ᠬᠡᠯᠬᠢᠶᠡᠲᠦ ᠪᠠᠶᠢᠭᠤᠯᠤᠮᠵᠢ ᠶᠢᠨ ᠨᠢᠭᠡ ᠪᠣᠯᠤᠭᠰᠠᠨ ᠪᠠᠶᠢᠨ᠎ᠠ᠃ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠦᠢᠯᠡᠰ ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠠᠷᠭ᠎ᠠ ᠮᠠᠶ᠋ᠢᠭ ᠢ ᠬᠡᠷᠡᠭᠯᠡᠨ᠂ ︽ᠢᠨᠲ᠋ᠧᠷ ᠰᠦᠯᠵᠢᠶ᠎ᠡ + ᠤᠶᠤᠨᠴᠢᠯᠠᠭᠰᠠᠨ︾ ᠰᠢᠨ᠎ᠡ ᠶᠢ ᠡᠭᠦᠳᠬᠦ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠪᠡ᠃ ᠴᠢᠩ ᠰᠥᠩ ᠢᠯᠡᠷᠬᠡᠶᠢᠯᠡᠬᠦ ᠳᠡᠭᠡᠨ᠂ ᠰᠦᠩᠱᠠᠨ ᠲᠣᠭᠤᠷᠢᠭ ᠤᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠲᠥᠷᠥᠯ ᠵᠦᠢᠯ ᠤᠨ ᠢᠷᠡᠭᠡᠳᠦᠶ ᠥᠷᠭᠡᠨ ᠠᠭᠤᠳᠠᠮ ᠪᠠᠶᠢᠨ᠎ᠠ᠂ ᠪᠡᠭᠡᠵᠢᠩ ᠤᠨ ᠱᠸᠦ ᠺᠠᠩ ᠨᠠᠰᠤᠵᠢᠯ ᠤᠨ ᠠᠰᠠᠷᠠᠮᠵᠢ ᠶᠢᠨ ᠪᠦᠯᠦᠭᠯᠡᠯ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠬᠡᠨ ᠠᠬᠢᠭᠤᠯᠵᠤ᠂ ᠡᠭᠦᠨ ᠤ ᠤᠯᠠᠮ ᠢᠶᠠᠷ ᠰᠦᠩᠱᠠᠨ ᠰᠣᠶᠣᠯ ᠵᠢᠭᠤᠯᠴᠢᠯᠠᠯ᠂ ᠰᠡᠯᠡᠭᠦᠴᠡᠯ ᠠᠮᠠᠷᠠᠯᠲᠠ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠬᠤ ᠶᠢ ᠬᠦᠰᠡᠵᠦ ᠪᠠᠶᠢᠨ᠎ᠠ᠃ ᠰᠦᠩᠱᠠᠨ ᠲᠣᠭᠤᠷᠢᠭ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠬᠥᠭᠵᠢᠯᠲᠡ ᠳᠤ ᠰᠢᠯᠢᠳᠡᠭ ᠦᠢᠯᠡᠴᠢᠯᠡᠭᠡ ᠬᠠᠩᠭᠠᠵᠤ᠂ ᠡᠷᠬᠢᠮ ᠺᠣᠮᠫᠠᠨᠢ ᠶᠢᠨ ᠰᠦᠩᠱᠠᠨ ᠳᠤ ᠠᠩᠬᠠᠷᠤᠯ ᠲᠠᠯᠪᠢᠵᠤ᠂ ᠰᠦᠩᠱᠠᠨ ᠳᠤ ᠪᠡᠯᠡ ᠣᠷᠣᠭᠤᠯᠵᠤ᠂ ᠰᠦᠩᠱᠠᠨ ᠤ ᠡᠷᠡᠭᠦᠯ ᠬᠠᠮᠠᠭᠠᠯᠠᠯ ᠤᠨ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠬᠤ ᠶᠢᠨ ᠬᠠᠮᠲᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠨ᠎ᠠ᠃       ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ᠂ ᠮᠥᠩᠭᠦᠨ ᠭᠦᠢᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ ᠲᠤᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠪᠠᠶᠢᠭᠤᠯᠤᠯᠭ᠎ᠠ ᠶᠢᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠦᠪ᠂ ᠰᠦᠩᠱᠠᠨ ᠡᠮᠨᠡᠯᠭᠡ ᠶᠢᠨ ᠬᠤᠷᠢᠶ᠎ᠠ ᠵᠡᠷᠭᠡ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号