4 ᠰᠠᠷ᠎ᠠ ᠶᠢᠨ 22 ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠵᠦᠩ ᠴᠢᠩ ᠰᠦᠩ 2023 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠪᠣᠯᠤᠨ ᠤᠯᠠᠭᠠᠨᠬᠠᠳᠠ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤᠷᠠᠭᠰᠠᠨ | ᠬᠤᠷᠠᠯᠳᠤᠭᠠᠨ ᠤ ᠲᠣᠭᠲᠠᠴᠠ︾ ᠶᠢ ᠤᠯᠠᠮᠵᠢᠯᠠᠨ ᠰᠤᠷᠤᠯᠴᠠᠪᠠ︔ ︽ᠰᠦᠩᠱᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠢᠭᠡᠳ ᠰᠦᠩᠱᠠᠨ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ︾ ᠶᠢ ᠰᠤᠳᠤᠯᠪᠠ︔ ᠭᠤᠤᠯᠳᠠᠯᠭ᠎ᠠ ᠲᠠᠢ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ︽ᠲᠠᠪᠤᠨ ᠶᠡᠭᠡ ᠡᠭᠦᠷᠭᠡ︾ ᠶᠢᠨ ᠲᠥᠷᠥᠯ | ᠵᠦᠢᠯ ᠢ ᠲᠥᠯᠥᠪᠵᠢᠭᠦᠯᠬᠦ᠂ ᠲᠤᠰᠬᠠᠶ ᠵᠦᠢᠯ ᠤᠨ ᠥᠷᠢ ᠥᠭᠴᠡᠭᠡ ᠶᠢ ᠲᠥᠯᠥᠪᠵᠢᠭᠦᠯᠬᠦ ᠪᠠ ᠲᠥᠷᠥᠯ ᠵᠦᠢᠯ ᠤᠨ | ᠬᠥᠮᠥᠷᠭᠡ ᠶᠢᠨ ᠪᠥᠲᠥᠭᠡᠨ ᠪᠠᠶᠢᠭᠤᠯᠤᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ + ᠲᠠᠷᠢᠶᠠᠨ ᠭᠠᠵᠠᠷ + ᠦᠷ᠎ᠡ ᠶᠢᠨ ᠦᠢᠯᠡᠰ ᠤᠨ ᠰᠠᠭᠤᠷᠢᠨ ᠭᠠᠵᠠᠷ + ᠭᠠᠵᠠᠷ ᠰᠢᠷᠣᠶ ᠶᠢᠨ | ᠵᠠᠰᠠᠯᠲᠠ + ᠠᠵᠤ ᠦᠢᠯᠡᠰ ᠤᠨ ᠠᠭᠤᠰᠤᠯᠴᠠᠨ ᠬᠥᠭᠵᠢᠬᠦ + ᠬᠥᠳᠡᠭᠡ ᠲᠣᠰᠬᠤᠨ ᠤ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠨ ᠪᠥᠲᠥᠭᠡᠨ ᠪᠠᠶᠢᠭᠤᠯᠤᠯᠲᠠ | ᠡᠵᠡᠩᠨᠡᠯᠲᠡ ᠶᠢᠨ ᠬᠤᠯᠪᠣᠭᠳᠠᠯ ᠪᠥᠬᠦᠶ ᠪᠠᠶᠢᠳᠠᠯ ᠢ ᠰᠣᠨᠣᠰᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ︔ ᠭᠠᠵᠠᠷ ᠰᠢᠷᠣᠶ ᠶᠢᠨ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ᠂ | ᠤᠯᠠᠭᠠᠨᠬᠠᠳᠠ ᠶᠢᠨ ᠬᠤᠩ ᠶᠤᠸᠠᠨ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ | ᠲᠠᠲᠠᠪᠤᠷᠢᠯᠠᠨ ᠨᠤᠷᠠᠭᠠᠬᠤ᠂ ᠰᠦᠩᠱᠠᠨ ᠤ ᠸᠠᠨ ᠳ᠋ᠠ ᠬᠡᠷ ᠬᠥᠷᠥᠩᠭᠡ ᠶᠢᠨ ᠭᠠᠶᠢᠯᠢ ᠶᠢ ᠬᠠᠰᠤᠵᠤ ᠭᠡᠯᠳᠦᠷᠢᠭᠦᠯᠦᠨ | ᠪᠤᠴᠠᠭᠠᠬᠤ᠂ ᠭᠦᠸᠧ ᠸᠧᠶ ᠠᠭᠤᠷᠬᠠᠶ ᠶᠢᠨ ᠦᠢᠯᠡᠰ ᠢ ᠬᠤᠳᠠᠯᠳᠤᠨ ᠠᠪᠤᠭᠰᠠᠨ ᠤ ᠳᠠᠷᠠᠭ᠎ᠠ ᠳᠠᠬᠢᠨ ᠵᠣᠬᠢᠶᠠᠨ | ᠪᠠᠶᠢᠭᠤᠯᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠢ | ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠦᠷᠦᠯ ᠵᠦᠢᠯ ᠤᠨ | ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠠᠪᠤᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠷᠦᠯ | ᠵᠦᠢᠯ ᠤᠨ ᠠᠬᠢᠴᠠ ᠶᠢ ᠴᠠᠭ ᠲᠤᠬᠠᠢ ᠳᠤᠨᠢ ᠳᠠᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ | ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠠᠳᠬᠤᠵᠤ᠂ ᠳᠡᠮᠵᠢᠯᠭᠡ ᠶᠢᠨ | ᠴᠢᠨᠠᠷᠲᠠᠢ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠠᠰᠢᠭᠯᠠᠵᠤ᠂ ᠡᠯ᠎ᠡ ᠲᠦᠷᠦᠯ ᠤᠨ | ᠲᠥᠯᠥᠪᠵᠢᠭᠦᠯᠭᠡ ᠶᠢᠨ ᠲᠦᠷᠦᠯ ᠵᠦᠢᠯ ᠢ ᠲᠠᠬᠢᠨ ᠡᠮᠬᠢᠯᠡᠵᠦ᠂ ᠡᠯ᠎ᠡ ᠲᠦᠷᠦᠯ ᠤᠨ ᠲᠦᠷᠦᠯ ᠵᠦᠢᠯ ᠤᠨ | ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠤᠭᠳᠠᠵᠤ ᠳᠡᠶᠢᠯᠬᠦ ᠶᠢ ᠪᠠᠲᠤᠯᠠᠵᠤ᠂ ︽ᠲᠠᠪᠤᠨ ᠶᠡᠭᠡ ᠡᠭᠦᠷᠭᠡ︾ ᠶᠢ | ᠬᠡᠷᠡᠭᠵᠢᠭᠦᠯᠦᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠵᠡᠯ | ᠰᠠᠨᠠᠭ᠎ᠠ ᠪᠠᠨ ᠴᠢᠯᠥᠭᠡᠯᠡᠨ᠂ ᠰᠡᠳᠬᠢᠴᠡ ᠪᠠᠨ ᠥᠷᠭᠡᠳᠬᠡᠵᠦ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠮᠥᠩᠭᠦ ᠶᠢᠨ ᠣᠷᠣᠭᠤᠯᠤᠯᠲᠠ ᠶᠢᠨ | ᠬᠠᠨᠳᠤᠰᠢ ᠶᠢ ᠭᠦᠨᠵᠡᠭᠡᠶ ᠰᠤᠳᠤᠯᠵᠤ᠂ ᠨᠠᠩ ᠣᠯᠠᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ | ᠳᠡᠮᠵᠢᠯᠭᠡ ᠶᠢ ᠴᠢᠷᠮᠠᠶᠢᠨ ᠣᠯᠵᠤ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ | ᠸᠠᠩ ᠫᠧᠩ ᠹᠸᠢ᠂ ᠯᠢᠶᠠᠩ ᠮᠢᠩ ᠽᠧ᠂ ᠶᠠᠩ ᠯᠢ ᠬᠦᠩ᠂ ᠢᠦᠢ ᠬᠤᠸᠠ ᠶᠠᠨ᠂ ᠯᠢ ᠰᠢᠶᠠᠨ ᠹᠦ᠋᠂ ᠴᠧᠨ | ᠶᠠᠨ ᠶᠦᠩ᠂ ᠲᠠᠩ ᠲᠢᠩ ᠲᠢᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃ |