ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠥᠪᠥᠷ ᠮᠣᠩᠭᠤᠯ ᠤᠨ | ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ | ᠳᠤᠷᠠᠳᠤᠯᠭ᠎ᠠ ᠶᠢᠨ ᠶᠠᠷᠢᠯᠴᠠᠬᠤ ᠬᠤᠷᠠᠯ ᠤᠯᠠᠭᠠᠨᠬᠠᠳᠠ ᠬᠤᠲᠠ ᠶᠢᠨ ᠡᠮᠡᠭᠲᠡᠶᠢᠴᠦᠳ ᠬᠦᠩᠭᠡᠵᠢᠯᠲᠡ ᠶᠢᠨ | ᠡᠮᠨᠡᠯᠭᠡ ᠶᠢᠨ ᠬᠤᠷᠢᠶᠠᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠹᠠᠩ᠂ ᠬᠤᠲᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢ ᠵᠢᠩ ᠵᠢᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠦ᠋ ᠴᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠸᠠᠩ ᠹᠠᠩ ᠬᠤᠲᠠ᠂ ᠲᠣᠭᠤᠷᠢᠭ ᠬᠤᠶᠠᠷ ᠱᠠᠲᠤᠨ ᠤ ᠡᠯ᠎ᠡ ᠬᠤᠯᠪᠣᠭᠳᠠᠯ ᠪᠥᠬᠦᠶ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠨ ᠣᠳᠣᠬᠠᠨ ᠤ ᠬᠥᠮᠦᠨ ᠠᠮᠠ ᠶᠢᠨ ᠬᠥᠭᠵᠢᠯᠲᠡ ᠶᠢᠨ ᠪᠠᠶᠢᠳᠠᠯ ᠵᠢᠴᠢ ᠬᠥᠮᠦᠨ | ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ | ᠰᠠᠨᠠᠯ ᠪᠠ ᠰᠠᠨᠠᠭᠤᠯᠭ᠎ᠠ ᠶᠢ ᠰᠣᠨᠣᠰᠪᠠ᠃ ᠸᠠᠩ ᠹᠠᠩ ᠢᠯᠡᠷᠬᠡᠶᠢᠯᠡᠬᠦ ᠳᠡᠭᠡᠨ᠂ ᠦᠷᠡᠵᠢᠯ ᠤᠨ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ᠂ ᠲᠦᠭᠡᠮᠡᠯ ᠬᠠᠷᠠᠭᠠᠯᠵᠠᠯᠲᠤ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ᠂ ᠦᠷᠡᠵᠢᠯ ᠤᠨ ᠨᠥᠬᠦᠷᠰᠡᠭ ᠨᠡᠶᠢᠭᠡᠮ ᠤᠨ ᠠᠭᠤᠷ | ᠠᠮᠢᠰᠬᠤᠯ ᠢ ᠶᠡᠭᠡ ᠪᠠᠷ ᠪᠣᠶ ᠪᠣᠯᠭᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ | ᠪᠠᠶᠢᠷᠢᠯᠠᠭᠤᠯᠬᠤ ᠵᠡᠷᠭᠡ ᠠᠵᠢᠯ ᠤᠨ ᠲᠠᠯ᠎ᠠ ᠪᠠᠷ ᠳᠥᠯᠭᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ | ᠱᠠᠲᠤᠨ ᠤ ᠲᠡᠳᠬᠦᠨ ᠳᠡᠮᠵᠢᠬᠦ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠴᠢᠨᠠᠷ ᠰᠠᠶᠢᠲᠠᠶ ᠡᠬᠢ ᠪᠠᠶᠠᠯᠢᠭ ᠢ | ᠬᠤᠷᠠᠮᠳᠤᠭᠤᠯᠤᠨ᠂ ᠲᠦᠷᠢᠮ ᠲᠣᠭᠲᠠᠴᠠ ᠶᠢ ᠪᠣᠶ ᠪᠣᠯᠭᠠᠵᠤ᠂ ᠥᠷᠭᠡᠨ ᠣᠯᠠᠨ ᠬᠡᠤᠬᠡᠳ ᠠᠪᠬᠤ ᠨᠠᠰᠤᠨ ᠤ | ᠬᠠᠮᠲᠤᠯᠢᠭ ᠤᠨ ᠬᠡᠤᠬᠡᠳ ᠠᠪᠬᠤ ᠬᠦᠰᠡᠯ ᠢ ᠪᠦᠲᠦᠮᠵᠢᠲᠡᠶ ᠬᠦᠭᠵᠢᠭᠡᠬᠦ ᠬᠡᠷᠡᠭᠲᠡᠢ᠃ ᠵᠥᠪ ᠢᠨᠠᠭ ᠳᠤᠷᠠᠯᠠᠯ ᠤᠨ | ᠦᠵᠡᠯᠲᠡ᠂ ᠤᠷᠤᠭ ᠤᠨ ᠦᠵᠡᠯᠲᠡ᠂ ᠦᠷᠡᠵᠢᠯ ᠤᠨ ᠦᠵᠡᠯᠲᠡ᠂ ᠬᠡᠦᠬᠡᠳ ᠪᠤᠶᠢᠵᠢᠭᠤᠯᠬᠤ ᠦᠵᠡᠯᠲᠡ ᠪᠠ | ᠨᠠᠰᠤᠲᠠᠨ ᠢᠶᠠᠨ ᠠᠴᠢᠯᠠᠬᠤ ᠦᠵᠡᠯᠲᠡ ᠶᠢ ᠪᠤᠢ ᠪᠣᠯᠭᠠᠬᠤ ᠶᠢ ᠬᠦᠳᠦᠯᠦᠨ ᠵᠢᠯᠣᠭᠤᠳᠴᠤ᠂ ᠬᠥᠮᠦᠨ ᠠᠮᠠ ᠶᠢᠨ | ᠤᠷᠳᠤ ᠬᠤᠭᠤᠴᠠᠭᠠᠨ ᠤ ᠲᠡᠩᠴᠡᠭᠦᠷᠢᠲᠡᠢ ᠡᠷᠡᠭᠦᠯ ᠬᠥᠭᠵᠢᠯᠲᠡ ᠶᠢ ᠠᠬᠢᠭᠤᠯᠬᠤ᠂ ᠡᠭᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠴᠢᠨᠠᠷ ᠰᠠᠶᠢᠲᠠᠢ ᠬᠥᠮᠦᠨ ᠠᠮᠠ ᠶᠢᠨ ᠪᠠᠲᠤᠯᠠᠭ᠎ᠠ | ᠬᠠᠩᠭᠠᠬᠤ ᠬᠡᠷᠡᠭᠲᠡᠢ᠃ |