4 ᠳ᠋ᠦ᠋ᠭᠡᠷ ᠰᠠᠷ᠎ᠠ ᠶᠢᠨ 23 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ | ᠡᠷᠬᠢᠯᠡᠭᠴᠢ ᠵᠥᠩ ᠴᠢᠩ ᠰᠥᠩ ᠪᠥᠬᠦ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ | ᠬᠤᠯᠪᠣᠭᠳᠠᠯ ᠪᠥᠬᠦᠶ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠶᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠶᠤᠯᠭᠦᠶ ᠦᠢᠯᠡᠳᠪᠦᠷᠢᠯᠡᠯ ᠪᠣᠯ ᠪᠦᠬᠦ ᠲᠠᠯ᠎ᠠ ᠳᠤ ᠬᠤᠯᠪᠣᠭᠳᠠᠬᠤ | ᠴᠢᠬᠤᠯᠠ ᠶᠡᠭᠡ ᠡᠭᠦᠷᠭᠡ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢ | ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠳᠤ ᠵᠣᠭᠰᠣᠵᠤ᠂ ᠠᠷᠠᠳ ᠤᠨ ᠠᠮᠢᠳᠤᠷᠠᠯ ᠢ | ᠴᠢᠬᠤᠯᠠᠴᠢᠯᠠᠬᠤ᠂ ᠬᠥᠭᠵᠢᠯᠲᠡ ᠶᠢ ᠠᠬᠢᠭᠤᠯᠬᠤ ᠦᠨᠳᠦᠷᠴᠡ ᠳᠤ ᠵᠣᠭᠰᠣᠵᠤ᠂ ᠣᠳᠣᠬᠠᠨ ᠤ ᠮᠠᠨ ᠤ | ᠲᠣᠭᠤᠷᠢᠭ ᠤᠨ ᠠᠶᠤᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠲᠣᠳᠣᠷᠬᠠᠢ | ᠲᠠᠨᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠣᠯ | ᠪᠢᠳᠡᠨ ᠤ ᠡᠷᠬᠡᠪᠰᠢ ᠪᠠᠲᠤᠯᠠᠬᠤ ᠤᠯᠤᠰ ᠲᠦᠷᠦ ᠶᠢᠨ ᠡᠭᠦᠷᠭᠡ ᠪᠣᠯᠬᠤ ᠶᠢ ᠭᠦᠨᠵᠡᠭᠡᠢ ᠲᠠᠨᠢᠵᠤ᠂ ᠠᠮᠤᠷ ᠲᠦᠪᠰᠢᠨ ᠤ | ᠠᠶᠤᠯ ᠲᠦᠭᠰᠢᠭᠦᠷᠢ ᠶᠢᠨ ᠭᠡᠮ ᠰᠣᠭᠤᠭ ᠤᠨ ᠪᠠᠶᠢᠴᠠᠭᠠᠯᠲᠠ ᠶᠢ ᠦᠨᠡᠨᠬᠦ ᠨᠠᠷᠢᠨ ᠪᠣᠳᠠᠲᠠᠢ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ︽5 · 1︾ ᠤ ᠠᠮᠠᠷᠠᠯᠲᠠ ᠪᠣᠯᠬᠤ ᠭᠡᠵᠦ ᠪᠠᠶᠢᠨ᠎ᠠ᠂ ᠡᠯ᠎ᠡ ᠭᠠᠵᠠᠷ | ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ | ᠲᠦᠪᠰᠢᠨ ᠲᠣᠭᠲᠠᠭᠤᠨ ᠪᠠᠶᠢᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠨᠡᠭᠦᠷᠡᠰᠦᠨ ᠤ ᠪᠤᠰᠤ ᠠᠭᠤᠷᠬᠠᠢ᠂ | ᠵᠠᠮ ᠲᠡᠭᠡᠭᠡᠪᠦᠷᠢ᠂ ᠡᠮ ᠡᠮᠨᠡᠯᠭᠡ ᠡᠷᠡᠭᠦᠯ ᠬᠠᠮᠠᠭᠠᠯᠠᠯ᠂ ᠦᠵᠡᠮᠵᠢ ᠶᠢᠨ ᠣᠷᠣᠨ᠂ ᠲᠤᠮᠤ ᠬᠡᠯᠪᠡᠷᠢ ᠶᠢᠨ | ᠬᠤᠳᠠᠯᠳᠤᠭᠠᠨ ᠤ ᠬᠡᠳᠤ ᠳᠡᠯᠭᠡᠭᠦᠷ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠢ ᠭᠦᠢᠴᠡᠳ ᠬᠢᠬᠦ ᠬᠡᠷᠡᠭᠲᠡᠢ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠠᠳᠬᠤᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠵᠤ ᠠᠬᠤᠶᠢᠯᠠᠯ ᠤᠨ | ᠬᠠᠷᠢᠭᠤᠴᠠᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ | ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ | ᠠᠳᠬᠤᠵᠤ᠂ ᠪᠦᠬᠦᠯᠢ ᠬᠡᠯᠬᠢᠶ᠎ᠡ ᠂ ᠪᠦᠬᠦᠨ ᠢ ᠬᠠᠮᠤᠷᠤᠭᠰᠠᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠰᠢᠰᠲ᠋ᠧᠮ ᠢ ᠴᠢᠨᠠᠭᠰᠢᠳᠠ ᠪᠠᠶᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠳᠤᠬᠢᠷᠠᠭᠤᠯᠤᠯᠳᠠ ᠶᠢᠨ ᠤᠳᠠᠭ᠎ᠠ ᠪᠣᠯᠤᠨ ᠶᠠᠰᠤ ᠴᠢᠨᠠᠷ ᠢ ᠴᠢᠩᠭᠠᠳᠬᠠᠵᠤ᠂ ᠳᠤᠪᠤᠶᠢᠮ᠎ᠠ | ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠠᠳᠬᠤᠵᠤ᠂ ᠦᠨᠡᠨᠬᠦ ᠠᠶᠤᠯ ᠲᠦᠭᠰᠢᠭᠦᠷᠢ ᠶᠢ ᠣᠶᠢᠯᠠᠭᠠᠵᠤ᠂ | ᠠᠰᠠᠭᠤᠳᠠᠯ ᠢ ᠪᠠᠶᠢᠴᠠᠭᠠᠨ ᠳᠤᠳᠤᠯᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠳᠠᠷᠦ᠋ᠢᠬᠠᠨ | ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠠᠰᠠᠭᠤᠳᠠᠯ ᠢ ᠲᠦᠢᠯᠪᠤᠷᠢᠲᠠᠢ ᠥᠭᠡᠷᠡᠴᠢᠯᠡᠵᠦ᠂ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠸᠠᠩ ᠫᠧᠩ ᠹᠸᠢ᠂ ᠶᠠᠩ ᠯᠢ ᠬᠦᠩ᠂ ᠯᠢ ᠰᠢᠶᠠᠨ ᠹᠦ᠋ ᠬᠤᠷᠠᠯ ᠳᠤ | ᠣᠷᠣᠯᠴᠠᠪᠠ᠃ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ | ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |