4 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠰᠦᠩᠱᠠᠨ ᠤ | ᠨᠠᠷᠢᠮᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ ᠰᠦᠩᠱᠠᠨ | ᠲᠣᠭᠤᠷᠢᠭ ᠤᠨ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠳᠤ ᠶᠠᠪᠤᠭᠳᠠᠪᠠ᠃ | ᠥᠪᠥᠷ ᠮᠣᠩᠭᠤᠯ ᠤᠨ ᠰᠦᠩᠱᠠᠨ ᠤ ᠨᠠᠷᠢᠮᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢ | 2022 ᠣᠨ ᠳᠤ ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠶ ᠮᠡᠷᠭᠡᠵᠢᠯ ᠤᠨ ᠨᠡᠶᠢᠭᠡᠮᠯᠢᠭ ᠤᠨ | ᠵᠥᠪᠰᠢᠶᠡᠷᠡᠯ ᠢᠶᠠᠷ ᠪᠠᠶᠢᠭᠤᠯᠤᠭᠰᠠᠨ ᠶᠤᠮ᠂ ᠮᠠᠨ ᠤ ᠬᠤᠲᠠ ᠶᠢᠨ ᠠᠩᠬᠠᠳᠠᠭᠴᠢ ᠪᠦᠯᠦᠭ ᠵᠥᠪᠰᠢᠶᠡᠷᠡᠯ ᠢᠶᠠᠷ | ᠪᠠᠶᠢᠭᠤᠯᠤᠭᠳᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠨᠢᠭᠡ ᠪᠣᠯᠤᠨ᠎ᠠ᠃ ᠵᠢᠵᠢᠭ | ᠬᠦᠷᠢᠶᠡᠯᠡᠩ ᠨᠢ ᠤᠯᠠᠭᠠᠨᠬᠠᠳᠠ ᠶᠢᠨ ᠢᠦᠢ ᠯᠦᠩ ᠦᠷ᠎ᠡ ᠶᠢᠨ ᠬᠢᠵᠠᠭᠠᠷᠲᠤ ᠺᠣᠮᠫᠠᠨᠢ ᠳᠤ ᠲᠦᠰᠢᠭᠯᠡᠵᠦ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨᠬᠠᠳᠠ | ᠳᠡᠭᠡᠳᠦ ᠰᠤᠷᠭᠠᠭᠤᠯᠢ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ᠂ ᠰᠦᠩᠱᠠᠨ ᠲᠣᠭᠤᠷᠢᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠬᠠᠮᠲᠤᠪᠠᠷ ᠪᠠᠶᠢᠭᠤᠯᠪᠠ᠃ ︽ᠳᠥᠷᠪᠡᠨ ᠲᠠᠰ ᠬᠤᠯᠪᠣᠭᠠᠯᠠᠨ ᠰᠢᠨ᠎ᠡ ᠶᠢ | ᠡᠭᠦᠳᠬᠦ︾ ᠳᠤ ᠬᠠᠮᠲᠤᠪᠠᠷ ᠣᠷᠣᠯᠴᠠᠬᠤ ᠪᠠᠷ ᠳᠠᠮᠵᠢᠭᠤᠯᠤᠨ᠂ ︽ᠬᠦᠴᠦ ᠪᠠᠨ ᠬᠠᠮᠲᠤᠳᠬᠠᠨ ᠪᠣᠭᠤᠮᠲᠠ | ᠰᠢᠪᠲᠤᠯᠬᠤ᠂ ᠲᠤᠰᠬᠠᠶ ᠵᠦᠢᠯ ᠢᠶᠠᠷ ᠰᠢᠪᠲᠤᠯᠤᠯᠲᠠ ᠬᠢᠬᠦ᠂ ᠬᠠᠮᠵᠢᠯᠴᠠᠨ ᠰᠢᠨ᠎ᠡ ᠶᠢ ᠡᠭᠦᠳᠬᠦ᠂ ᠲᠥᠪᠯᠡᠷᠡᠭᠦᠯᠦᠨ | ᠨᠠᠶᠢᠳᠠᠪᠤᠷᠢᠵᠢᠭᠤᠯᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠢᠰᠲ᠋ᠧᠮᠵᠢ ᠶᠢ | ᠪᠣᠶ ᠪᠣᠯᠭᠠᠵᠤ᠂ ᠲᠠᠷᠢᠶᠠᠴᠢᠨ ᠡᠷᠦᠬᠡ ᠳᠤ ᠪᠥᠬᠦ ᠲᠠᠯ᠎ᠠ ᠪᠠᠷ ᠮᠡᠷᠭᠡᠵᠢᠯ ᠤᠨ ᠪᠠᠲᠤᠯᠠᠭ᠎ᠠ ᠬᠠᠩᠭᠠᠵᠤ᠂ ᠲᠡᠳᠡᠨ ᠤ | ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠦᠢᠯᠡᠳᠪᠦᠷᠢᠯᠡᠯ ᠬᠢᠬᠦ ᠶᠢ ᠵᠢᠯᠣᠭᠤᠳᠤᠨ᠂ ᠭᠠᠷᠤᠯᠲᠠ ᠪᠠᠨ | ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠡᠶᠡᠯᠡᠭᠦᠯᠵᠦ᠂ ᠲᠠᠷᠢᠶᠠᠯᠠᠩ ᠤᠨ | ᠮᠡᠷᠭᠡᠵᠢᠯ ᠤᠨ ᠳᠡᠯᠭᠡᠷᠡᠭᠦᠯᠦᠯᠲᠡ ᠶᠢᠨ ︽ᠡᠴᠦᠰ ᠤᠨ ᠨᠢᠭᠡ ᠮᠧᠲᠷ︾ ᠤᠨ ᠠᠰᠠᠭᠤᠳᠠᠯ ᠢ ᠰᠢᠢᠳᠪᠦᠷᠢᠯᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠠᠵᠢᠯᠯᠠᠭᠠᠨ ᠨᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠡᠶᠡᠯᠡᠭᠦᠯᠬᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃ |