4 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠲᠠ ᠲᠣᠭᠤᠷᠢᠭ ᠤᠨ ᠬᠤᠶᠠᠷ ᠱᠠᠲᠤᠨ ᠤ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠮᠵᠢᠯᠭᠡ ᠳᠣᠤᠷ᠎ᠠ᠂ ︽ᠴᠢᠳᠠᠪᠤᠷᠢ ᠣᠯᠭᠤᠵᠤ ᠠᠵᠢᠯ | ᠣᠯᠭᠤᠯᠲᠠ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠲᠤᠰᠠ ᠬᠦᠷᠲᠡᠭᠡᠶ᠎ᠡ︾ ᠭᠡᠬᠦ ᠬᠢᠩᠭᠠᠨ ᠵᠡᠭᠡᠯᠢ | ᠭᠤᠳᠤᠮᠵᠢ ᠶᠢᠨ ᠠᠩᠬᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠠᠩᠭᠢ ᠵᠢᠩᠬᠢᠨᠢ ᠪᠠᠷ ᠡᠬᠢᠯᠡᠪᠡ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠦᠸᠧ | ᠶᠤᠸᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠷᠰᠢᠯᠭ᠎ᠠ ᠪᠠᠷ ᠪᠠᠶᠠᠯᠢᠭ ᠯᠧᠺᠲ᠋ᠣᠷ ᠢ ᠲᠤᠰᠬᠠᠶᠢᠯᠠᠨ ᠤᠷᠢᠵᠤ | ᠬᠢᠴᠢᠶᠡᠯ ᠵᠢᠭᠠᠯᠭᠠᠪᠠ᠂ ᠪᠣᠯᠪᠠᠰᠤᠷᠠᠭᠤᠯᠤᠯ ᠤᠨ ᠠᠩᠭᠢ ᠨᠢ ᠬᠢᠴᠢᠶᠡᠯ ᠤᠨ ᠲᠣᠬᠢᠷᠠᠭᠤᠯᠤᠯᠲᠠ᠂ ᠪᠠᠭᠰᠢ ᠶᠢᠨ | ᠲᠣᠬᠢᠷᠠᠭᠤᠯᠤᠯᠲᠠ᠂ ᠵᠢᠭᠠᠨ ᠰᠤᠷᠭᠠᠯᠲᠠ ᠶᠢᠨ ᠠᠭᠤᠯᠭ᠎ᠠ ᠵᠡᠷᠭᠡ ᠲᠠᠯ᠎ᠠ ᠪᠠᠷ ᠴᠥᠮ ᠨᠠᠷᠢᠨ ᠨᠢᠮᠪᠠᠶ ᠪᠡᠯᠡᠳᠬᠡᠯ ᠬᠢᠵᠦ᠂ | ᠵᠢᠭᠠᠨ ᠰᠤᠷᠭᠠᠯᠲᠠ ᠶᠢ ᠣᠨᠣᠯ ᠤᠨ ᠪᠣᠯᠪᠠᠰᠤᠷᠠᠭᠤᠯᠤᠯ ᠪᠠ ᠪᠣᠳᠠᠲᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ᠬᠢᠩᠭᠠᠨ ᠵᠡᠭᠡᠯᠢ ᠭᠤᠳᠤᠮᠵᠢ ᠶᠢᠨ ᠲᠣᠰ ᠤᠳᠠᠭᠠᠨ ᠤ ᠪᠣᠯᠪᠠᠰᠤᠷᠠᠭᠤᠯᠤᠯ ᠤᠨ ᠠᠩᠭᠢ ᠨᠢ ᠰᠠᠷ᠎ᠠ ᠣᠷᠴᠢᠮ | ᠶᠠᠪᠤᠭᠳᠠᠵᠤ᠂ ᠪᠣᠯᠪᠠᠰᠤᠷᠠᠭᠤᠯᠤᠯ ᠤᠨ ᠠᠭᠤᠯᠭ᠎ᠠ ᠨᠢ ᠭᠤᠤᠯᠳᠠᠭᠤ ᠴᠠᠬᠢᠯᠭᠠᠨ ᠤ ᠠᠵᠢᠯᠴᠢᠨ᠂ ᠭᠠᠩᠨᠠᠭᠤᠷᠴᠢᠨ᠂ | ᠨᠢᠯᠬ᠎ᠠ ᠬᠡᠤᠬᠡᠳ ᠬᠥᠮᠦᠵᠢᠭᠦᠯᠦᠭᠴᠢ᠂ ᠬᠡᠤᠬᠡᠳ ᠠᠰᠠᠷᠠᠭᠴᠢ᠂ ᠰᠤᠪᠢᠯᠠᠨ ᠠᠰᠠᠷᠠᠭᠴᠢ ᠵᠡᠷᠭᠡ ᠬᠢᠴᠢᠶᠡᠯ ᠢ ᠬᠠᠮᠤᠷᠴᠤ | ᠂ ᠵᠠᠭᠤ ᠰᠢᠬᠠᠮ ᠰᠣᠷᠣᠭᠴᠢ ᠶᠢ ᠪᠤᠯᠪᠠᠰᠤᠷᠠᠭᠤᠯᠤᠨ᠎ᠠ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ | ᠰᠤᠷᠭᠠᠭᠤᠯᠢ ᠠᠴᠠ ᠪᠣᠯᠪᠠᠰᠤᠷᠠᠭᠤᠯᠤᠯ ᠤᠨ ᠰᠣᠷᠣᠭᠴᠢ ᠶᠢ ᠵᠣᠬᠢᠶᠠᠨ ᠪᠠᠶᠢᠭᠤᠯᠤᠨ ᠮᠡᠷᠭᠡᠵᠢᠯ ᠴᠢᠳᠠᠪᠤᠷᠢ ᠶᠢᠨ ᠵᠡᠷᠭᠡ | ᠳᠡᠰ ᠢ ᠮᠠᠭᠠᠳᠯᠠᠨ ᠲᠣᠭᠲᠠᠭᠠᠬᠤ ᠰᠢᠯᠭᠠᠯᠲᠠ ᠳᠤ ᠣᠷᠣᠯᠴᠠᠭᠤᠯᠵᠤ᠂ ᠰᠢᠯᠭᠠᠯᠲᠠ ᠳᠤ ᠬᠢᠷᠢ ᠲᠡᠩᠴᠡᠭᠰᠡᠳ ᠲᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠳᠠᠩᠰᠠᠯᠠᠭᠤᠯᠤᠭᠰᠠᠨ ᠦᠨᠡᠯᠡᠬᠦ ᠪᠠᠶᠢᠭᠤᠯᠤᠮᠵᠢ ᠠᠴᠠ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ | ᠳᠡᠰ ᠤᠨ ᠦᠨᠡᠮᠯᠡᠯ ᠣᠯᠭᠤᠨ᠎ᠠ᠂ ᠦᠨᠡᠮᠯᠡᠯ ᠢ ᠨᠢ ᠪᠥᠬᠦ ᠤᠯᠤᠰ ᠲᠤ ᠰᠦᠯᠵᠢᠶ᠎ᠡ ᠪᠠᠷ ᠪᠠᠶᠢᠴᠠᠭᠠᠵᠤ ᠪᠣᠯᠤᠨ᠎ᠠ᠃ |