ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠪᠠᠷᠢᠯᠭ᠎ᠠ ᠶᠢᠨ ᠬᠥᠳᠡᠯᠮᠦᠷᠢ ᠬᠦᠴᠦᠨ ᠤ ᠭᠠᠷᠭᠠᠯᠭ᠎ᠠ ᠶᠢ | ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠰᠢᠪᠲᠤᠯᠤᠯᠲᠠ ᠶᠢᠨ ᠴᠡᠭ ᠪᠣᠯᠭᠠᠵᠤ᠂ ︽ᠰᠦᠩᠵᠸᠤ ᠶᠢᠨ ᠬᠡᠪ | ᠵᠠᠭᠪᠤᠷ ᠤᠨ ᠠᠵᠢᠯᠴᠢᠨ︾ ᠭᠡᠬᠦ ᠡᠨᠡᠬᠦ ᠭᠡᠷᠡᠯ ᠰᠠᠴᠤᠷᠠᠩᠭᠤᠢ ᠬᠥᠳᠡᠯᠮᠦᠷᠢ ᠬᠦᠴᠦᠨ ᠤ ᠲᠦᠷᠦᠯ ᠲᠡᠮᠳᠡᠭ ᠢ | ᠡᠭᠦᠳᠴᠦ᠂ ︽ᠤᠷ᠎ᠠ ᠮᠡᠷᠭᠡᠵᠢᠯ ᠤᠨ ᠪᠣᠯᠪᠠᠰᠤᠷᠠᠯ ᠢᠶᠠᠷ ᠲᠦᠷᠦᠯ ᠲᠡᠮᠳᠡᠭ ᠢ ᠪᠤᠢ ᠪᠣᠯᠭᠠᠵᠤ᠂ ᠬᠥᠳᠡᠯᠮᠦᠷᠢ | ᠬᠦᠴᠦᠨ ᠤ ᠭᠠᠷᠭᠠᠯᠭ᠎ᠠ ᠪᠠᠷ ᠣᠷᠣᠯᠭ᠎ᠠ ᠪᠠᠨ ᠨᠡᠮᠡᠭᠳᠡᠭᠦᠯᠬᠦ︾ ᠬᠥᠳᠡᠯᠮᠦᠷᠢ ᠬᠦᠴᠦᠨ ᠤ ᠠᠵᠤ ᠦᠢᠯᠡᠰ ᠤᠨ ᠰᠢᠨ᠎ᠡ | ᠵᠠᠮ ᠢ ᠨᠡᠭᠡᠭᠡᠪᠡ᠃ | ᠬᠥᠳᠡᠯᠮᠦᠷᠢ ᠬᠦᠴᠦᠨ ᠤ ᠭᠠᠷᠭᠠᠯᠭ᠎ᠠ ᠶᠢᠨ ︽ᠦᠨ᠎ᠡ ᠴᠠᠨ᠎ᠠ︾ ᠶᠢ ᠳᠡᠭᠡᠭᠰᠢᠯᠡᠭᠦᠯᠬᠦ ᠶᠢᠨ ᠲᠥᠯᠥᠭᠡ᠂ | ᠰᠦᠩᠱᠠᠨ ᠲᠣᠭᠤᠷᠢᠭ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠪᠣᠯᠪᠠᠰᠤᠷᠠᠭᠤᠯᠤᠯ ᠢ ᠨᠡᠮᠡᠭᠳᠡᠭᠦᠯᠵᠦ᠂ ᠡᠯ᠎ᠡ | ᠲᠥᠷᠥᠯ ᠤᠨ ᠪᠣᠯᠪᠠᠰᠤᠷᠠᠭᠤᠯᠤᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠠᠵᠢᠯ | ᠣᠯᠭᠤᠯᠲᠠ ᠪᠠᠷ ᠤᠳᠤᠷᠢᠳᠤᠮᠵᠢ ᠪᠣᠯᠭᠠᠨ᠂ ᠪᠣᠯᠪᠠᠰᠤᠷᠠᠭᠤᠯᠤᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ | ᠳᠡᠭᠡᠭᠰᠢᠯᠡᠭᠦᠯᠪᠡ᠃ 2017 ᠣᠨ ᠠᠴᠠ ᠨᠠᠰᠢ᠂ ᠰᠦᠩᠱᠠᠨ ᠲᠣᠭᠤᠷᠢᠭ ᠤᠯᠠᠭᠠᠨᠬᠠᠳᠠ ᠶᠢᠨ ᠴᠢᠶᠠᠨ ᠺᠠᠢ | ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠪᠠᠷ ᠲᠥᠯᠥᠭᠡᠯᠡᠭᠦᠯᠦᠭᠰᠡᠨ ︽ᠰᠦᠩᠵᠸᠤ ᠶᠢᠨ | ᠬᠡᠪ ᠵᠠᠭᠪᠤᠷ ᠤᠨ ᠠᠵᠢᠯᠴᠢᠨ︾ ᠪᠠᠷᠢᠯᠭ᠎ᠠ ᠶᠢᠨ ᠬᠡᠪ ᠵᠠᠭᠪᠤᠷ ᠤᠨ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ | ᠭᠠᠷᠭᠠᠯᠭ᠎ᠠ ᠶᠢᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠤᠯᠠᠭᠠᠨᠬᠠᠳᠠ ᠶᠢᠨ ᠴᠢᠶᠠᠨ ᠺᠠᠢ ᠪᠠᠷᠢᠯᠭ᠎ᠠ ᠶᠢᠨ | ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠶᠠᠩ ᠭᠦᠸᠧ ᠯᠢᠶᠠᠨ ᠤ ︽ᠰᠢᠨ᠎ᠡ ᠶᠢ ᠡᠭᠦᠳᠬᠦ | ᠠᠵᠢᠯ ᠤᠨ ᠲᠠᠰᠤᠭ︾ ᠢᠶᠠᠷ ᠲᠠᠭᠠᠭᠤᠯᠤᠬᠴᠢ ᠪᠣᠯᠭᠠᠵᠤ᠂ ᠰᠤᠷᠭᠠᠭᠤᠯᠢ ᠶᠢᠨ ᠲᠥᠪᠯᠡᠷᠡᠭᠦᠯᠦᠨ ᠪᠣᠯᠪᠠᠰᠤᠷᠠᠭᠤᠯᠬᠤ᠂ | ᠪᠠᠭᠰᠢ ᠱᠠᠪᠢ ᠳᠠᠭᠠᠭᠤᠯᠬᠤ᠂ ᠠᠯᠤᠰ ᠠᠴᠠ ᠵᠢᠭᠠᠬᠤ ᠵᠡᠷᠭᠡ ᠠᠷᠭ᠎ᠠ ᠬᠡᠯᠪᠡᠷᠢ ᠪᠠᠷ 4 ᠲᠦᠮᠡ ᠭᠠᠷᠤᠢ ᠬᠡᠪ | ᠵᠠᠭᠪᠤᠷ ᠤᠨ ᠠᠵᠢᠯᠴᠢᠨ ᠢ ᠪᠣᠯᠪᠠᠰᠤᠷᠠᠭᠤᠯᠵᠤ᠂ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠲᠣᠭᠲᠠᠭᠤᠨ | ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠤᠯᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ | ᠤᠯᠠᠭᠠᠨᠬᠠᠳᠠ ᠶᠢᠨ ᠴᠢᠶᠠᠨ ᠺᠠᠢ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠪᠠᠰᠠ | ᠨᠢᠷᠤᠭᠤ ᠶᠢᠨ ᠢᠷᠣᠭᠠᠷ ᠤᠨ ᠬᠤᠭᠤᠯᠠᠢ ᠶᠢ ᠰᠤᠩᠭᠠᠵᠤ ᠡᠭᠴᠡ ᠪᠠᠬᠢᠯᠡᠬᠦ ᠠᠷᠭ᠎ᠠ᠂ ᠲᠤᠯᠭᠠᠭᠤᠷᠢ ᠶᠢᠨ ᠦᠵᠦᠭᠦᠷ ᠢ | ᠰᠤᠭᠤᠳᠠᠵᠤ ᠪᠠᠷᠢᠬᠤ ᠠᠷᠭ᠎ᠠ᠂ ᠭᠤᠣᠯ ᠳᠡᠳ᠋ ᠨᠢᠷᠤᠭᠤ ᠶᠢᠨ ᠵᠠᠩᠭᠢᠯᠠᠭ᠎ᠠ ᠶᠢᠨ ᠴᠡᠭ ᠤᠨ ᠪᠠᠷᠢᠬᠤ ᠠᠷᠭ᠎ᠠ ᠵᠡᠷᠭᠡ | ᠠᠷᠪᠠᠨ ᠬᠡᠳᠦᠨ ᠵᠦᠢᠯ ᠤᠨ ᠰᠢᠨ᠎ᠡ ᠤᠷᠠᠯᠠᠯ᠂ ᠰᠢᠨ᠎ᠡ ᠮᠡᠷᠭᠡᠵᠢᠯ ᠢ ᠠᠮᠵᠢᠯᠲᠠᠲᠠᠢ ᠡᠭᠦᠳᠪᠡ᠃ ᠡᠳᠡᠭᠡᠷ ᠮᠡᠷᠭᠡᠵᠢᠯ ᠢ | ᠳᠡᠯᠭᠡᠷᠡᠭᠦᠯᠦᠨ ᠬᠡᠷᠡᠭᠯᠡᠭᠰᠡᠨ ᠨᠢ ᠰᠦᠩᠵᠸᠤ ᠶᠢᠨ ᠬᠡᠪ ᠵᠠᠭᠪᠤᠷ ᠤᠨ ᠬᠥᠮᠦᠰ ᠤᠨ ᠵᠠᠬ᠎ᠠ ᠳᠡᠯᠭᠡᠭᠦᠷ ᠢ ᠥᠷᠭᠡᠳᠬᠡᠬᠦ᠂ | ᠤᠷ᠎ᠠ ᠮᠡᠷᠭᠡᠵᠢᠯ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠳᠤ ᠳᠡᠭᠦᠯᠢᠨ ᠨᠢᠰᠬᠦ ᠵᠢᠭᠦᠷ ᠤᠷᠭᠤᠭᠤᠯᠵᠤ᠂ | ᠵᠢᠯ ᠪᠦᠷᠢ ᠳᠤᠮᠳᠠᠴᠢ ᠪᠠᠷ 5 ᠳ᠋ᠦᠩᠰᠢᠭᠤᠷ ᠭᠠᠷᠤᠢ ᠲᠡᠭᠰᠢ ᠳᠥᠷᠪᠡᠯᠵᠢᠨ ᠮᠧᠲᠷ ᠬᠡᠪ ᠵᠠᠭᠪᠤᠷ ᠤᠨ ᠪᠠᠷᠢᠯᠭ᠎ᠠ ᠶᠢᠨ | ᠲᠠᠯᠠᠪᠠᠢ ᠶᠢ ᠪᠡᠶᠡᠯᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠦᠷ᠎ᠡ ᠪᠦᠲᠦᠮᠵᠢ ᠶᠢ ᠪᠦᠬᠦ | ᠬᠤᠳᠠ ᠶᠢᠨ ᠠᠵᠢᠯ ᠲᠦᠷᠦᠯ ᠤᠨ ᠳᠣᠲᠣᠷᠠᠬᠢ ᠬᠠᠮᠤᠭ ᠤᠨ ᠥᠨᠳᠥᠷ ᠲᠦᠪᠰᠢᠨ ᠳᠤ ᠬᠦᠷᠭᠡᠪᠡ᠃ | ᠣᠲᠣ ᠪᠣᠯᠲᠠᠯ᠎ᠠ᠂ ︽ᠰᠦᠩᠵᠸᠤ ᠶᠢᠨ ᠬᠡᠪ ᠵᠠᠭᠪᠤᠷ ᠤᠨ ᠠᠵᠢᠯᠴᠢᠨ︾ ᠤ ᠬᠥᠳᠡᠯᠮᠦᠷᠢ ᠦᠢᠯᠡᠴᠢᠯᠡᠭᠡᠨ ᠤ | ᠨᠠᠷᠠᠲᠤ ᠲᠡᠮᠳᠡᠭ ᠨᠢᠭᠡᠨᠲᠡ 2022 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ ᠦᠢᠯᠡᠴᠢᠯᠡᠭᠡᠨ | ᠤ ᠨᠠᠷᠠᠲᠤ ᠲᠡᠮᠳᠡᠭ ᠲᠤ ᠰᠣᠩᠭᠤᠭᠳᠠᠨ ᠣᠷᠣᠵᠤ᠂ ᠰᠦᠩᠱᠠᠨ ᠲᠣᠭᠤᠷᠢᠭ ᠤᠨ ᠰᠢᠯᠵᠢᠯᠲᠡ ᠶᠢᠨ ᠴᠢᠨᠠᠷᠲᠠᠢ | ᠬᠥᠳᠡᠯᠮᠦᠷᠢ ᠬᠦᠴᠦᠨ ᠤ ᠳᠣᠲᠣᠷ᠎ᠠ᠂ ᠪᠠᠷᠢᠯᠭ᠎ᠠ ᠶᠢᠨ ᠦᠢᠯᠡᠰ ᠡᠷᠭᠢᠯᠡᠵᠦ ᠪᠠᠶᠢᠭ᠎ᠠ ᠨᠢ 5 ᠲᠦᠮᠡ ᠰᠢᠬᠠᠮ ᠬᠥᠮᠦᠨ | ᠪᠠᠶᠢᠵᠤ᠂ ᠰᠢᠯᠵᠢᠯᠲᠡ ᠶᠢᠨ ᠴᠢᠨᠠᠷᠲᠠᠢ ᠬᠥᠳᠡᠯᠮᠦᠷᠢ ᠬᠦᠴᠦᠨ ᠤ 46% ᠶᠢ ᠡᠵᠡᠯᠡᠵᠦ᠂ ᠵᠢᠯ ᠤᠨ ᠡᠭᠦᠳᠦᠭᠰᠡᠨ | ᠠᠵᠤ ᠠᠬᠤᠶ ᠶᠢᠨ ᠦᠷ᠎ᠡ ᠠᠰᠢᠭ ᠨᠢ 30 ᠳ᠋ᠦᠩᠰᠢᠭᠤᠷ ᠲᠥᠭᠦᠷᠢᠭ ᠲᠤ ᠭᠦᠷᠦᠭᠰᠡᠨ ᠪᠠᠶᠢᠨ᠎ᠠ᠃ |