ᠰᠦᠩᠱᠠᠨ ᠲᠣᠭᠤᠷᠢᠭ ᠤᠨ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/4/28
      4 ᠰᠠᠷ᠎ᠠ ᠶᠢᠨ 27 ᠤ ᠡᠳᠦᠷ᠂ ᠰᠦᠩᠱᠠᠨ ᠲᠣᠭᠤᠷᠢᠭ ᠤᠨ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ᠃      ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ  ᠸᠧᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠠᠩ ᠲᠢᠩ ᠲᠢᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠮᠠᠨ ᠤ ᠬᠤᠲᠠ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠬᠤ ᠰᠢᠪᠲᠤᠯᠤᠯᠲᠠ ᠶᠢᠨ ᠵᠢᠯ ᠮᠥᠨ᠂ ᠰᠦᠩᠱᠠᠨ ᠲᠣᠭᠤᠷᠢᠭ  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠡᠨᠡ ᠬᠦ ᠭᠤᠤᠯ ᠰᠡᠳᠦᠪ ᠢ ᠴᠢᠩᠭ᠎ᠠ ᠠᠳᠬᠤᠨ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠵᠧᠨ ᠰᠢᠩ ᠤᠯᠠᠭᠠᠨᠮᠥ᠋ᠴᠢᠷ ᠤᠷᠠᠨ ᠰᠠᠶᠢᠬᠠᠨ ᠤ ᠲᠣᠭᠯᠠᠯᠲᠠ ᠭᠠᠷᠭᠠᠪᠠ       ᠠᠵᠢᠯᠲᠠᠨ ᠠᠴᠠ ᠣᠯᠠᠨ ᠲᠦᠮᠡᠨ ᠳᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠢ ᠲᠠᠷᠬᠠᠭᠠᠪᠠ᠃      ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠴᠦᠨ ᠯᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠸᠠᠨ ᠯᠢ ᠶᠣᠰᠣᠯᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号