4 ᠰᠠᠷ᠎ᠠ ᠶᠢᠨ 2 ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨᠬᠤᠷᠢᠶ᠎ᠠ ᠶᠢᠨ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠡᠷᠬᠢᠯᠡᠭᠴᠢ ᠵᠦᠩ ᠴᠢᠩ ᠰᠦᠩ ᠪᠦᠬᠦ ᠲᠣᠭᠤᠷᠢᠭ ᠤᠨ ᠬᠤᠶᠠᠳᠤᠭᠠᠷ ᠤᠯᠠᠷᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠲᠣᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ | ᠠᠯᠬᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠸᠠᠩ ᠫᠧᠩ ᠹᠸᠢ᠂ | ᠯᠢᠶᠠᠩ ᠮᠢᠩ ᠽᠧ᠂ ᠶᠠᠩ ᠯᠢ ᠬᠦᠩ᠂ ᠰᠢᠤᠢ ᠹᠸᠢ ᠶᠠᠨ᠂ ᠢᠦᠢ ᠬᠤᠸᠠ ᠶᠠᠨ᠂ ᠴᠧᠨ ᠶᠠᠨ ᠶᠦᠩ᠂ ᠲᠠᠩ ᠲᠢᠩ | ᠲᠢᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠬᠠᠪᠤᠷ ᠤᠨ ᠤᠯᠠᠷᠢᠯ ᠪᠣᠯ ᠠᠶᠤᠯᠭᠦᠶ ᠦᠢᠯᠡᠳᠪᠦᠷᠢᠯᠡᠯ ᠤᠨ | ᠵᠠᠩᠭᠢᠯᠠᠭ᠎ᠠ ᠶᠢᠨ ᠴᠠᠭ ᠬᠤᠭᠤᠴᠠᠭ᠎ᠠ ᠮᠥᠨ᠂ ᠡᠯ᠎ᠡ ᠲᠥᠷᠥᠯ ᠤᠨ ᠲᠥᠷᠥᠯ ᠵᠦᠢᠯ ᠢ ᠲᠥᠪᠯᠡᠷᠡᠭᠦᠯᠦᠨ ᠡᠬᠢᠯᠡᠭᠦᠯᠵᠦ᠂ | ᠬᠠᠩᠰᠢ ᠶᠢᠨ ᠡᠳᠦᠷ ᠨᠤᠲᠤᠭ ᠲᠠᠭᠠᠨ ᠪᠤᠴᠠᠵᠤ ᠳᠡᠭᠡᠳᠦᠰ ᠢᠶᠠᠨ ᠳᠠᠭᠢᠬᠤ ᠬᠥᠮᠦᠨ ᠤ ᠤᠷᠤᠰᠬᠠᠯ᠂ ᠲᠡᠷᠭᠡᠨ ᠤ | ᠤᠷᠤᠰᠬᠠᠯ ᠲᠦᠷᠭᠡᠨ ᠢᠶᠠᠷ ᠨᠡᠮᠡᠭᠳᠡᠵᠦ᠂ ᠤᠯᠠᠷᠢᠯ ᠤᠨ ᠴᠢᠨᠠᠷᠲᠠᠶ ᠶᠡᠭᠡ ᠰᠠᠯᠬᠢ᠂ ᠭᠠᠩ ᠬᠠᠭᠤᠷᠠᠶ ᠵᠡᠷᠭᠡ ᠮᠠᠭᠤ | ᠠᠭᠤᠷ ᠠᠮᠢᠰᠬᠤᠯ ᠦᠷᠭᠦᠯᠵᠢᠯᠡᠨ ᠨᠦᠯᠦᠭᠡᠯᠡᠵᠦ᠂ ᠠᠳᠡᠯ ᠬᠡᠷᠡᠭ ᠡᠭᠦᠰᠭᠡᠬᠦ ᠬᠦᠴᠦᠨ ᠵᠦᠢᠯ ᠨᠡᠮᠡᠭᠳᠡᠵᠦ᠂ ᠮᠠᠨ ᠤ | ᠲᠣᠭᠤᠷᠢᠭ ᠤᠨ ᠠᠶᠤᠯᠭᠦᠶ ᠦᠢᠯᠡᠳᠪᠦᠷᠢᠯᠡᠯ ᠪᠠ ᠭᠠᠯ ᠰᠡᠷᠭᠡᠶᠢᠯᠡᠨ ᠤᠨᠲᠠᠷᠠᠭᠠᠬᠤ ᠠᠵᠢᠯ ᠨᠠᠩ ᠶᠡᠭᠡ | ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ | ᠵᠦᠩ ᠴᠢᠩ ᠰᠦᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ | ᠴᠢᠩᠭᠠᠷᠠᠭᠤᠯᠵᠤ᠂ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯ ᠰᠡᠳᠦᠪ ᠲᠤ | ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ | ᠬᠡᠮᠵᠢᠶ᠎ᠡ ᠶᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠵᠤ᠂ ᠢᠯᠠᠩᠭᠤᠶ᠎ᠠ ︽ᠬᠠᠩᠰᠢ ᠶᠢᠨ ᠡᠳᠦᠷ︾ ᠵᠡᠷᠭᠡ | ᠭᠤᠣᠯᠳᠠᠯᠭ᠎ᠠ ᠲᠠᠢ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ | ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠠᠶᠢᠳᠠᠯ ᠢ ᠲᠣᠳᠣᠷᠬᠠᠶ ᠲᠠᠨᠢᠵᠤ᠂ ᠠᠶᠤᠯᠭᠦᠶ | ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ | ᠦᠨᠡᠨ ᠬᠦ ᠴᠢᠩᠭᠠᠳᠬᠠᠵᠤ᠂ ᠱᠠᠳᠤ ᠱᠠᠳᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ | ᠬᠡᠷᠡᠭᠲᠡᠶ᠃ ᠠᠵᠢᠯ ᠤᠨ ᠪᠠᠶᠢᠷᠢ ᠶᠢᠨ ᠵᠢᠵᠢᠭᠦᠷᠯᠡᠬᠦ ᠪᠠ ᠤᠳᠤᠷᠢᠳᠤᠯᠭ᠎ᠠ ᠡᠭᠡᠯᠵᠢ ᠳᠠᠭᠠᠭᠤᠯᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠶᠢᠨ ᠤᠷᠤᠭᠰᠢᠲᠠᠶ ᠪᠠᠶᠢᠬᠤ᠂ ᠡᠳ᠋ | ᠪᠣᠳᠠᠰ ᠤᠨ ᠨᠥᠭᠡᠴᠡ ᠶᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠶᠡᠭᠡ ᠪᠠᠷ ᠵᠢᠭᠰᠠᠭᠠᠨ | ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠥᠷᠨᠢᠭᠦᠯᠵᠦ᠂ ︽ᠶᠡᠭᠡ | ᠠᠰᠠᠭᠤᠳᠠᠯ ᠢ ᠪᠠᠶᠢᠴᠠᠭᠠᠬᠤ᠂ ᠶᠡᠭᠡ ᠳᠠᠯᠳᠠ ᠭᠡᠮ ᠢ ᠠᠷᠢᠯᠭᠠᠬᠤ᠂ ᠶᠡᠭᠡ ᠠᠳᠡᠯ ᠢ ᠰᠡᠷᠭᠡᠶᠢᠯᠡᠬᠦ︾ ᠶᠢ ᠲᠣᠪᠤᠶᠢᠮ᠎ᠠ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠪᠠᠭᠤᠷᠠᠶ ᠭᠤᠭᠴᠤᠭ᠎ᠠ ᠶᠢ | ᠴᠢᠩᠭ᠎ᠠ ᠠᠩᠬᠠᠷᠴᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢᠶᠠᠨ ᠲᠠᠰᠤᠷᠠᠯᠲᠠ ᠥᠬᠡᠶ | ᠴᠢᠩᠭᠠᠷᠠᠭᠤᠯᠤᠨ᠂ ᠲᠦᠭᠰᠢᠭᠦᠷᠢ ᠶᠢᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨᠬᠦ | ᠳᠡᠭᠡᠭᠰᠢᠯᠡᠭᠦᠯᠵᠦ᠂ ︽ᠬᠠᠤᠯᠢ ᠪᠤᠰᠤ ᠦᠢᠯᠡ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠵᠠᠰᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ᠂ ᠦᠨᠡᠨ ᠪᠣᠳᠠᠲᠠᠶ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠢᠢᠷ᠎ᠠ ᠶᠢᠨ ᠬᠤᠭᠤᠴᠠᠭᠠᠨ ᠤ ᠡᠯ᠎ᠡ ᠭᠠᠵᠠᠷ ᠤᠨ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠲᠣᠭᠤᠷᠢᠨ ᠳᠤ | ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠦᠷᠨᠢᠭᠦᠯᠬᠦ ᠬᠡᠷᠡᠭᠲᠡᠢ᠃ | ᠨᠢᠭᠲᠠ ᠬᠠᠮᠵᠢᠯᠴᠠᠵᠤ᠂ ᠬᠦᠴᠦ ᠪᠠᠨ ᠬᠠᠮᠲᠤᠳᠬᠠᠨ ᠠᠬᠢᠭᠤᠯᠵᠤ᠂ ᠡᠯ᠎ᠡ ᠵᠦᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠲᠣᠭᠤᠷᠢᠭ ᠤᠨ ᠠᠮᠤᠷ | ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ᠪᠦᠬᠦ ᠲᠣᠭᠤᠷᠢᠭ ᠤᠨ | ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠢ᠃ |