ᠤᠢᠢᠷ᠎ᠠ ᠶᠢᠨ ᠵᠢᠯ ᠠᠴᠠ᠂ ᠴᠢᠤᠸᠠᠨ ᠨᠢᠩ ᠵᠡᠭᠡᠯᠢ ᠭᠤᠳᠤᠮᠵᠢ ᠶᠢᠨ ᠴᠢᠨ ᠱᠦᠢ ᠸᠠᠨ ᠨᠡᠶᠢᠭᠡᠮ ᠲᠣᠭᠤᠷᠢᠭ | ᠨᠠᠮ ᠤᠨ ᠪᠠᠶᠢᠭᠤᠯᠤᠯᠲᠠ ᠪᠠᠷ ︽ᠵᠢᠵᠢᠭ ᠲᠣᠣᠷᠵᠢᠯ︾ ᠢ ᠬᠦᠳᠦᠯᠦᠨ ᠳᠠᠭᠠᠭᠤᠯᠵᠤ᠂ ︽ᠪᠢᠴᠢᠯ ᠦᠢᠯᠡᠴᠢᠯᠡᠭᠡ︾ | ᠳᠤ ᠬᠦᠴᠦᠨ ᠨᠡᠮᠡᠷᠢᠯᠡᠨ᠎ᠡ᠃ | ᠴᠢᠨ ᠱᠦᠢ ᠸᠠᠨ ᠨᠡᠶᠢᠭᠡᠮ ᠲᠣᠭᠤᠷᠢᠭ ᠤᠨ ᠬᠠᠷᠢᠶᠠᠨ ᠳᠤ ᠴᠢᠨ ᠱᠦᠢ ᠸᠠᠨ᠂ ᠾᠧ ᠫᠠᠨ ᠵᠢᠶᠦ᠋ᠨ ᠵᠢᠩ | ᠰᠠᠭᠤᠭᠠᠯᠢ ᠲᠣᠭᠤᠷᠢᠭ ᠵᠢᠴᠢ ᠰᠢᠤᠸᠠᠨ ᠷᠦᠨ ᠰᠢᠤᠸᠠᠢ ᠹᠦ᠋ ᠨᠡᠶᠢᠲᠡ ᠶᠢᠨ ᠪᠠᠶᠢᠷᠢ ᠶᠢ ᠬᠠᠷᠢᠶᠠᠯᠠᠵᠤ᠂ ᠣᠲᠣ | ᠨᠢᠭᠡᠨᠲᠡ 3701 ᠡᠷᠦᠬᠡ ᠶᠢᠨ 8802 ᠬᠥᠮᠦᠨ ᠣᠷᠣᠵᠤ ᠰᠠᠭᠤᠪᠠ᠃ ᠨᠡᠶᠢᠭᠡᠮ ᠲᠣᠭᠤᠷᠢᠭ 9 ᠲᠤᠤᠷᠵᠢᠯ | ᠬᠤᠪᠢᠶᠠᠵᠤ᠂ ᠳᠣᠣᠷ᠎ᠠ ᠨᠢ 8 ᠲᠤᠤᠷᠵᠢᠯ ᠤᠨ ᠨᠠᠮ ᠤᠨ ᠳᠤᠭᠤᠶᠢᠯᠠᠩ ᠢ ᠪᠠᠶᠢᠭᠤᠯᠤᠭᠰᠠᠨ ᠪᠥᠭᠡᠳ ᠠᠰᠠᠷ ᠤᠨ | ᠳᠠᠪᠬᠤᠷᠭ᠎ᠠ᠂ ᠲᠤᠤᠷᠵᠢᠯ ᠢᠶᠠᠷ ᠸᠢᠴᠠᠲ ᠶᠢᠨ ᠪᠦᠯᠦᠭᠯᠡᠯ ᠢ ᠪᠠᠶᠢᠭᠤᠯᠵᠤ᠂ ᠰᠠᠭᠤᠭᠠᠯᠢ ᠠᠷᠠᠳ ᠬᠦᠰᠡᠯ | ᠱᠠᠭᠠᠷᠳᠠᠯᠭ᠎ᠠ ᠲᠠᠢ ᠯᠠ ᠶᠤᠮ ᠪᠣᠯ ᠲᠤᠤᠷᠵᠢᠯ ᠤᠨ ᠸᠢᠴᠠᠲ ᠶᠢᠨ ᠪᠦᠯᠦᠭᠯᠡᠯ ᠬᠠᠷᠢᠭᠤ ᠲᠤᠰᠬᠠᠯ ᠥᠭᠬᠦ ᠪᠣᠯᠤᠨ᠎ᠠ᠃ | ᠨᠠᠩ ᠣᠯᠠᠨ ᠨᠠᠮ ᠤᠨ ᠭᠡᠰᠢᠭᠦᠨ᠂ ᠰᠠᠭᠤᠭᠠᠯᠢ ᠠᠷᠠᠳ ᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠪᠠ | ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠶ ᠣᠷᠣᠯᠴᠠᠭᠤᠯᠬᠤ ᠶᠢᠨ ᠲᠥᠯᠥᠭᠡ᠂ ᠨᠡᠶᠢᠭᠡᠮ | ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠪᠣᠯᠪᠠᠰᠤᠨ | ᠪᠦᠯᠬᠦᠮᠳᠡᠯ ᠤᠨ ᠬᠡᠲᠦ ᠳᠡᠯᠭᠡᠭᠦᠷ ᠨᠡᠭᠡᠭᠡᠪᠡ᠃ ᠬᠡᠳᠦ ᠳᠡᠯᠭᠡᠭᠦᠷ ︽ᠬᠤᠳᠠᠯᠳᠤᠭ᠎ᠠ︾ ᠪᠠᠨ ᠡᠬᠢᠯᠡᠭᠦᠯᠦᠭᠰᠡᠨ ᠠᠴᠠ | ᠨᠠᠰᠢ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠮᠠᠰᠢ ᠣᠯᠠᠨ ᠬᠥᠮᠦᠰ ᠤᠨ | ᠠᠩᠬᠠᠷᠤᠯ ᠢ ᠲᠠᠲᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠪᠠᠰᠠ ᠠᠯᠪᠠᠨ ᠵᠢᠷᠤᠮ ᠤᠨ ᠡᠮᠴᠢᠯᠡᠭᠡ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ | ᠳᠤᠷ᠎ᠠ ᠶᠢᠨ ᠦᠢᠯᠡᠴᠢᠯᠡᠭᠡ᠂ ᠰᠡᠳᠬᠢᠯ ᠢ ᠳᠤᠯᠠᠭᠠᠴᠠᠭᠤᠯᠤᠨ ᠬᠠᠪᠰᠤᠷᠤᠨ ᠲᠡᠳᠬᠦᠬᠦ ᠵᠡᠷᠭᠡ ᠠᠵᠢᠯᠯᠠᠭ᠎ᠠ ᠶᠢ 30 | ᠭᠠᠷᠤᠢ ᠤᠳᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ | ᠲᠦᠷᠦᠭᠳᠡᠯ ᠢ ᠦᠨᠡᠨᠬᠦ ᠳᠡᠭᠡᠭᠰᠢᠯᠡᠭᠦᠯᠪᠡ᠃ |