ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠦᠨᠳᠦᠰᠦᠯᠡᠨ᠂ 5 ᠰᠠᠷ᠎ᠠ ᠶᠢᠨ 8 ᠤ ᠡᠳᠦᠷ᠂ | ᠨᠠᠢᠮᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠳᠡᠰ ᠳᠡᠪᠰᠢᠭᠦᠯᠬᠦ | ᠲᠣᠭᠤᠷᠢᠨ ᠪᠠᠶᠢᠴᠠᠭᠠᠬᠤ ᠡᠯ᠎ᠡ ᠳᠤᠭᠤᠶᠢᠯᠠᠩ ᠤᠨ ᠬᠢᠨ ᠠᠷᠤ ᠬᠤᠷᠴᠢᠨ ᠬᠤᠰᠢᠭᠤᠨ ᠤ ᠰᠢᠶᠠᠨ ᠹᠧᠩ ᠰᠢᠶᠠᠩ᠂ | ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠨ ᠣᠪᠣᠭ᠎ᠠ ᠪᠠᠯᠭᠠᠰᠤ᠂ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ | ᠪᠠᠯᠭᠠᠰᠤ᠂ ᠯᠢᠨᠰᠢ ᠰᠢᠶᠠᠨ ᠤ ᠱᠢ ᠡᠯ ᠲᠦ᠋ ᠰᠢᠶᠠᠩ᠂ ᠬᠡᠰᠢᠭᠲᠡᠨ ᠬᠤᠰᠢᠭᠤᠨ ᠤ ᠢᠦᠢ ᠵᠧᠦ ᠳ᠋ᠢ ᠪᠠᠯᠭᠠᠰᠤ᠂ | ᠣᠩᠨᠢᠭᠤᠳ ᠬᠤᠰᠢᠭᠤᠨ ᠤ ᠬᠠᠶᠢᠯᠠᠰᠤ ᠪᠠᠯᠭᠠᠰᠤ᠂ ᠬᠠᠷᠠᠴᠢᠨ ᠬᠤᠰᠢᠭᠤᠨ ᠤ ᠸᠠᠩ ᠤᠨ ᠣᠷᠳᠣᠨ ᠪᠠᠯᠭᠠᠰᠤ᠂ | ᠨᠢᠩᠴᠧᠩ ᠰᠢᠶᠠᠨ ᠤ ᠰᠢ ᠽᠢ ᠪᠠᠯᠭᠠᠰᠤ᠂ ᠠᠤᠬᠠᠨ ᠬᠤᠰᠢᠭᠤᠨ ᠤ ᠰᠢᠨ ᠬᠤᠶ ᠪᠠᠯᠭᠠᠰᠤ᠂ ᠬᠤᠩᠱᠠᠨ | ᠲᠣᠭᠤᠷᠢᠭ ᠤᠨ ᠬᠤᠩ ᠮᠢᠶᠣᠣ ᠽᠢ ᠪᠠᠯᠭᠠᠰᠤ᠂ ᠰᠦᠩᠱᠠᠨ ᠲᠣᠭᠤᠷᠢᠭ ᠤᠨ ᠳ᠋ᠠ ᠮᠢᠶᠣᠣ ᠪᠠᠯᠭᠠᠰᠤ᠂ ᠶᠤᠸᠠᠨ ᠪᠦᠦ | ᠱᠠᠨ ᠲᠣᠭᠤᠷᠢᠭ ᠤᠨ ᠫᠢᠩ ᠵᠤᠸᠠᠩ ᠪᠠᠯᠭᠠᠰᠤ ᠵᠡᠷᠭᠡ 12 ᠰᠢᠶᠠᠩ ᠪᠠᠯᠭᠠᠰᠤᠨ ᠤ ᠨᠠᠮ ᠤᠨ ᠬᠤᠷᠢᠶ᠎ᠠ ᠳᠤ ︽ᠨᠢᠭᠡ | ᠨᠢᠭᠡ ᠪᠠᠷ︾ ᠲᠤᠬᠠᠶ ᠶᠢᠨ ᠲᠠᠯᠠᠪᠤᠷ ᠲᠤ ᠬᠠᠷᠢᠭᠤ ᠲᠤᠰᠬᠠᠪᠠ᠃ ᠬᠠᠷᠢᠭᠤ ᠲᠤᠰᠬᠠᠬᠤ ᠬᠤᠷᠠᠯ ᠳᠡᠭᠡᠷ᠎ᠡ᠂ ᠡᠯ᠎ᠡ | ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠨ ᠴᠤᠤ ᠴᠢ ᠶᠢᠨ ᠨᠠᠢᠮᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ | ᠳᠥᠷᠪᠡᠳᠦᠭᠡᠷ ᠡᠭᠡᠯᠵᠢ ᠶᠢᠨ ᠳᠡᠰ ᠳᠡᠪᠰᠢᠭᠦᠯᠦᠭᠰᠡᠨ ᠲᠣᠭᠤᠷᠢᠨ ᠪᠠᠶᠢᠴᠠᠭᠠᠭᠰᠠᠨ ᠶᠡᠷᠦᠩᠬᠡᠶ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠭᠤᠣᠯ ᠠᠰᠠᠭᠤᠳᠠᠯ ᠢ ᠮᠡᠳᠡᠭᠳᠡᠵᠦ᠂ ᠲᠣᠭᠤᠷᠢᠨ ᠪᠠᠶᠢᠴᠠᠭᠠᠵᠤ ᠴᠡᠭᠴᠡᠯᠡᠨ | ᠥᠭᠡᠷᠡᠴᠢᠯᠡᠬᠦ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ | ᠬᠠᠷᠢᠭᠤ ᠲᠤᠰᠬᠠᠬᠤ ᠳᠤ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠤᠨ ᠲᠤᠷᠰᠢ᠂ ᠲᠣᠭᠤᠷᠢᠨ | ᠪᠠᠶᠢᠴᠠᠭᠠᠭᠳᠠᠵᠤ ᠪᠠᠶᠢᠭ᠎ᠠ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠲᠠᠷᠢᠶᠠᠴᠢᠳ ᠲᠤ ᠠᠰᠢᠭ ᠬᠦᠷᠲᠡᠭᠡᠵᠦ | ᠠᠷᠠᠳ ᠢ ᠪᠠᠶᠠᠵᠢᠭᠤᠯᠬᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ ᠪᠠᠶᠢᠨ᠎ᠠ᠃ ︽ᠲᠦᠷᠪᠡᠨ ᠤᠬᠠᠮᠰᠠᠷ︾ ᠢᠶᠠᠨ ᠲᠠᠰᠤᠷᠠᠯᠳᠡ ᠦᠭᠡᠢ ᠴᠢᠩᠭᠠᠳᠬᠠᠵᠤ᠂ | ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠢ | ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠂ ᠭᠡᠪᠡᠴᠦ ᠲᠣᠭᠤᠷᠢᠨ | ᠪᠠᠶᠢᠴᠠᠭᠠᠬᠤ ᠳᠤ ᠪᠠᠰᠠ ᠵᠠᠷᠢᠮ ᠲᠤᠪᠤᠶᠢᠮ᠎ᠠ ᠠᠰᠠᠭᠤᠳᠠᠯ ᠢ ᠢᠯᠡᠷᠡᠭᠦᠯᠦᠭᠰᠡᠨ ᠪᠠᠶᠢᠨ᠎ᠠ᠃ ᠵᠠᠷᠢᠮ ᠨᠢ ᠤᠯᠤᠰ | ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠷᠦᠯᠴᠡᠬᠦ ᠦᠭᠡᠢ ᠲᠠᠯ᠎ᠠ ᠣᠷᠣᠰᠢᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ | ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ︔ ᠵᠠᠷᠢᠮ ᠨᠢ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠠᠯ᠎ᠠ ᠪᠠᠷ ᠲᠡᠶᠢᠮᠦ ᠤᠷᠤᠭᠰᠢᠲᠠᠢ ᠪᠢᠰᠢ ᠪᠠᠶᠢᠨ᠎ᠠ︔ ᠵᠠᠷᠢᠮ ᠨᠢ ︽ | ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠠᠪᠤᠴᠠ ᠳᠠᠬᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠨ᠎ᠠ︔ ᠵᠠᠷᠢᠮ ᠨᠢ ᠠᠷᠠᠳᠴᠢᠯᠠᠯ ᠲᠥᠪᠯᠡᠷᠡᠯ ᠤᠨ ᠶᠣᠰᠣᠨ ᠤ | ᠵᠠᠷᠴᠢᠮ ᠢ ᠬᠡᠷᠡᠭᠵᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠪᠠᠷ ᠬᠡᠷᠡᠭ ᠵᠥᠪᠯᠡᠵᠦ | ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠲᠡᠶᠢᠮᠦ ᠴᠢᠩᠭ᠎ᠠ ᠪᠢᠰᠢ | ᠪᠠᠶᠢᠨ᠎ᠠ︔ ᠵᠠᠷᠢᠮ ᠨᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ | ᠭᠦᠢᠴᠡᠳᠬᠡᠭᠰᠡᠨ ᠨᠢ ᠦᠨᠡᠨ ᠪᠣᠳᠠᠲᠠᠶ ᠪᠢᠰᠢ ᠨᠠᠷᠢᠯᠢᠭ ᠪᠢᠰᠢ ᠪᠠᠶᠢᠵᠤ᠂ ᠭᠠᠴᠠᠭ᠎ᠠ ᠲᠣᠰᠬᠤᠨ ᠤ ᠬᠠᠮᠲᠤ ᠶᠢᠨ ︽ | ᠭᠤᠷᠪᠠᠨ ᠪᠠᠯᠠ ᠮᠥᠩᠭᠦ︾ ᠶᠢᠨ ᠬᠠᠮᠢᠶᠠᠷᠤᠯᠲᠠ᠂ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ | ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠷᠢᠮ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠡᠳᠦᠷ ᠲᠤᠲᠤᠮ ᠤᠨ | ᠬᠢᠨᠠᠯᠲᠠ ᠲᠠᠯᠪᠢᠬᠤ ᠲᠠᠯ᠎ᠠ ᠪᠠᠷ ᠳᠤᠲᠠᠮᠠᠭ ᠪᠠᠶᠢᠨ᠎ᠠ︔ ᠵᠠᠷᠢᠮ ᠨᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠦᠨᠳᠦᠰᠦᠨ ᠱᠠᠲᠤᠨ ᠤ | ᠺᠠᠳ᠋ᠷᠴᠤᠳ ᠤᠨ ᠲᠠᠪᠰᠢᠵᠤ ᠪᠠᠭᠤᠵᠤ ᠪᠦᠷ ᠪᠣᠯᠬᠤ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠠᠬᠢᠭᠤᠯᠬᠤ ᠳᠤ ᠪᠠᠭᠤᠷᠠᠢ ᠭᠤᠭᠴᠤᠭ᠎ᠠ ᠣᠷᠣᠰᠢᠵᠤ ᠪᠠᠶᠢᠬᠤ ᠵᠡᠷᠭᠡ ᠪᠣᠯᠤᠨ᠎ᠠ | ᠃ | ᠬᠠᠷᠢᠭᠤ ᠲᠤᠰᠬᠠᠬᠤ ᠳᠤ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠰᠢᠶᠠᠩ | ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ | ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ︽ᠬᠥᠳᠡᠭᠡ | ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠦᠷᠢᠶᠡᠨ ᠤ ᠲᠥᠪ ᠪᠤᠰᠤ ᠰᠤᠷᠲᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ | ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠴᠢᠳᠠᠪᠬᠢ ᠶᠢᠨ | ᠬᠠᠷᠢᠭᠤᠴᠠᠯᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ᠂ | ᠠᠵᠢᠯ ᠢᠶᠠᠨ ᠰᠠᠶᠢᠵᠢᠷᠠᠭᠤᠯᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠴᠢᠬᠤᠯᠠ ᠭᠠᠷᠳᠠᠴᠠ ᠪᠣᠯᠭᠠᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠪᠠᠶᠢᠴᠠᠭᠠᠨ ᠦᠵᠡᠵᠦ᠂ ᠦᠨᠡᠨᠬᠦ ᠠᠳᠬᠤᠨ ᠪᠣᠳᠠᠲᠠᠢ | ᠰᠠᠶᠢᠵᠢᠷᠠᠭᠤᠯᠵᠤ᠂ ᠦᠨᠳᠦᠰᠦᠨ ᠱᠠᠲᠤᠨ ᠤ ᠡᠯ᠎ᠡ ᠵᠦᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠬᠡᠷᠡᠭᠲᠡᠢ᠃ | ᠬᠠᠷᠢᠭᠤ ᠲᠤᠰᠬᠠᠬᠤ ᠳᠤ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠣᠯᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠪᠠᠨ ᠴᠢᠩᠭᠠᠳᠬᠠᠵᠤ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠤᠭᠰᠠᠨ ᠠᠴᠠ | ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠳ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠬᠡᠷᠡᠭᠯᠡᠵᠦ᠂ ᠲᠣᠭᠤᠷᠢᠨ | ᠪᠠᠶᠢᠴᠠᠭᠠᠭᠠᠳ ᠢᠯᠡᠷᠡᠭᠦᠯᠦᠭᠰᠡᠨ ᠨᠡᠶᠢᠲᠡᠴᠢ ᠴᠢᠨᠠᠷᠲᠠᠶ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢ | ᠴᠢᠩᠭᠠᠳᠬᠠᠨ᠂ ᠲᠦᠷᠢᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠶ᠃ | ᠣᠶᠢᠯᠠᠭᠠᠭᠰᠠᠨ ᠢᠶᠠᠷ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠪᠠᠰᠠ | ᠵᠠᠷᠢᠮ ᠦᠨᠳᠦᠰᠦᠨ ᠱᠠᠲᠤᠨ ᠤ ᠺᠠᠳ᠋ᠷ ᠢ ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠣᠯᠵᠤ᠂ ᠨᠢᠭᠡᠨᠲᠡ | ᠲᠣᠭᠲᠠᠭᠠᠯ ᠶᠣᠰᠣᠭᠠᠷ ᠬᠤᠲᠠ ᠪᠠ ᠬᠤᠰᠢᠭᠤ ᠰᠢᠶᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠵᠡᠷᠭᠡ ᠬᠤᠯᠪᠣᠭᠳᠠᠯ ᠪᠥᠬᠦᠶ ᠲᠠᠯ᠎ᠠ ᠶᠢᠨ ᠬᠢᠨ ᠳᠤ ᠰᠢᠯᠵᠢᠭᠦᠯᠦᠨ | ᠰᠢᠢᠳᠪᠦᠷᠢᠯᠡᠭᠦᠯᠦᠭᠰᠡᠨ ᠪᠠᠶᠢᠨ᠎ᠠ᠃ |