5 ᠰᠠᠷ᠎ᠠ ᠶᠢᠨ 9 ᠤ ᠡᠳᠦᠷ᠂ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠱᠢ ᠵᠢᠶᠠᠨ ᠪᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠪᠦᠬᠦ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ | ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠦᠩ ᠴᠧᠩ ᠵᠡᠭᠡᠯᠢ ᠭᠤᠳᠤᠮᠵᠢ ᠶᠢᠨ | ᠰᠢᠩ ᠭᠤᠸᠠᠩ ᠲᠢᠶᠠᠨ ᠳ᠋ᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ | ᠰᠢᠶᠠᠩ ᠶᠠᠩ ᠵᠡᠭᠡᠯᠢ ᠭᠤᠳᠤᠮᠵᠢ ᠶᠢᠨ ᠽᠠᠢ ᠱᠦᠢ ᠢ ᠹᠠᠩ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ | ᠨᠠᠰᠤᠲᠠᠶᠢᠴᠤᠳ ᠤᠨ ᠭᠡᠷ᠂ ᠲᠢᠶᠧ ᠳ᠋ᠦᠩ ᠵᠡᠭᠡᠯᠢ ᠭᠤᠳᠤᠮᠵᠢ ᠶᠢᠨ ᠴᠧᠨ ᠺᠠᠩ ᠫᠢᠩ ᠨᠠᠰᠤᠲᠠᠶᠢᠴᠤᠳ ᠢ ᠠᠰᠠᠷᠠᠬᠤ | ᠲᠥᠪ᠂ ᠬᠢᠩᠭᠠᠨ ᠵᠡᠭᠡᠯᠢ ᠭᠤᠳᠤᠮᠵᠢ ᠶᠢᠨ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ ᠤᠨ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠦᠷᠳᠡᠭᠡ ᠳᠤ ᠬᠦᠷᠴᠦ᠂ ᠡᠯ᠎ᠡ ᠲᠥᠪ ᠪᠤᠶᠤ ᠦᠷᠳᠡᠭᠡ ᠶᠢᠨ | ᠪᠦᠳᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠦᠪᠰᠢᠨ ᠢ ᠨᠠᠷᠢᠨ ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠪᠥᠬᠦ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠡᠯ᠎ᠡ ᠬᠤᠯᠪᠣᠭᠳᠠᠯ ᠪᠥᠬᠦᠶ ᠨᠢᠭᠡᠴᠡ ᠪᠣᠯᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ | ᠨᠡᠷ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠠᠯᠠ ᠮᠥᠩᠭᠦ ᠶᠢᠨ ᠣᠷᠣᠭᠤᠯᠤᠯᠲᠠ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠵᠠᠭᠪᠤᠷ ᠢ ᠬᠤᠪᠢᠷᠠᠭᠤᠯᠬᠤ᠂ ᠲᠤᠰᠬᠠᠶᠢᠵᠢᠭᠰᠠᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ | ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠭᠰᠠᠨ ᠪᠥᠭᠡᠳ ᠪᠦᠲᠦᠭᠡᠯᠴᠢ ᠴᠢᠨᠠᠷᠲᠠᠶ | ᠰᠠᠨᠠᠯ ᠰᠠᠨᠠᠭᠤᠯᠭ᠎ᠠ ᠳᠤᠷᠠᠳᠪᠠ᠃ |