ᠰᠢᠶᠠᠩ ᠶᠠᠩ ᠵᠡᠭᠡᠯᠢ ᠭᠤᠳᠤᠮᠵᠢ ᠶᠢᠨ ᠶᠢᠨ ᠬᠤᠸᠠ ᠨᠡᠶᠢᠭᠡᠮ ᠲᠣᠭᠤᠷᠢᠭ ᠤᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠠᠷᠠᠳ ᠲᠤ ᠠᠰᠢᠭ ᠬᠦᠷᠲᠡᠭᠡᠬᠦ ᠬᠥᠷᠰᠢ ᠵᠡᠷᠭᠡᠯᠡᠳᠡᠭᠡ ᠶᠢᠨ ᠨᠡᠶᠢᠲᠡ ᠶᠢᠨ ᠠᠰᠠᠷᠠᠮᠵᠢ ᠶᠢᠨ ᠴᠤᠭᠯᠠᠭᠠᠨ ᠵᠢᠩᠬᠢᠨᠢ ᠪᠠᠷ ᠨᠡᠭᠡᠭᠡᠪᠡ
ᠨᠡᠶᠢᠲᠡᠯᠡᠭᠰᠡᠨ ᠴᠠᠭ᠄
2023/5/12
      ᠣᠶᠢᠷ᠎ᠠ ᠳᠤ᠂ ᠰᠢᠶᠠᠩ ᠶᠠᠩ ᠵᠡᠭᠡᠯᠢ ᠭᠤᠳᠤᠮᠵᠢ ᠶᠢᠨ ᠶᠢᠨ ᠬᠤᠸᠠ ᠨᠡᠶᠢᠭᠡᠮ ᠲᠣᠭᠤᠷᠢᠭ ᠤᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠠᠷᠠᠳ ᠲᠤ ᠠᠰᠢᠭ ᠬᠦᠷᠲᠡᠭᠡᠬᠦ ᠬᠥᠷᠰᠢ ᠵᠡᠷᠭᠡᠯᠡᠳᠡᠭᠡ ᠶᠢᠨ ᠨᠡᠶᠢᠲᠡ ᠶᠢᠨ ᠠᠰᠠᠷᠠᠮᠵᠢ ᠶᠢᠨ ᠴᠤᠭᠯᠠᠭᠠᠨ ᠵᠢᠩᠬᠢᠨᠢ ᠪᠠᠷ ᠨᠡᠭᠡᠭᠡᠪᠡ᠃      ᠨᠡᠶᠢᠲᠡ ᠶᠢᠨ ᠠᠰᠠᠷᠠᠮᠵᠢ ᠶᠢᠨ ᠴᠤᠭᠯᠠᠭᠠᠨ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠲᠤ ᠲᠥᠯᠥᠪᠦᠷᠢ ᠦᠭᠡᠢ ᠪᠠᠷ ᠴᠢᠰᠤᠨ ᠳᠠᠷᠤᠯᠲᠠ᠂ ᠴᠢᠰᠤᠨ ᠰᠢᠬᠢᠷ ᠵᠢᠴᠢ ᠬᠠᠷᠠᠭ᠎ᠠ ᠶᠢ ᠬᠡᠮᠵᠢᠵᠦ᠂ ᠬᠢᠲᠠᠳ ᠡᠮᠨᠡᠯᠭᠡ ᠶᠢᠨ ᠠᠰᠠᠭᠤᠨ ᠣᠨᠣᠰᠢᠯᠠᠬᠤ ᠵᠡᠷᠭᠡ ᠦᠢᠯᠡᠴᠢᠯᠡᠭᠡ ᠬᠠᠩᠭᠠᠪᠠ︔ ᠬᠤᠯᠪᠣᠭᠳᠠᠯ ᠪᠦᠬᠦᠢ ᠨᠢᠭᠡᠴᠡ ᠶᠢᠨ ᠠᠵᠢᠯᠲᠠᠳ ᠰᠠᠭᠤᠭᠠᠯᠢ ᠠᠷᠠᠳ ᠲᠤ ᠮᠡᠬᠡᠯᠡᠨ ᠬᠢᠬᠠᠬᠤ ᠶᠢ ᠡᠰᠡᠷᠭᠦᠴᠡᠬᠦ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠮᠡᠳᠡᠯᠭᠡ ᠶᠢ ᠲᠦᠭᠡᠮᠵᠢᠯᠡᠭᠦᠯᠪᠡ︔ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠶ ᠬᠥᠮᠦᠰ ᠲᠤᠬᠠᠶ ᠶᠢᠨ ᠭᠠᠵᠠᠷ ᠲᠤᠨᠢ ᠤᠷᠠᠨ ᠪᠢᠴᠢᠯᠭᠡ ᠪᠢᠴᠢᠵᠤ᠂ ᠵᠢᠷᠤᠭ ᠵᠢᠷᠤᠵᠤ᠂ ᠰᠠᠭᠤᠭᠠᠯᠢ ᠠᠷᠠᠳ ᠲᠤ ᠰᠠᠶᠢᠨ ᠰᠠᠶᠢᠬᠠᠨ ᠤᠷᠠᠯᠢᠭ ᠤᠨ ᠬᠦᠷᠲᠡᠭᠡᠯ ᠤᠯᠭᠤᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号