ᠰᠦᠩᠱᠠᠨ ᠲᠣᠭᠤᠷᠢᠭ ︽ᠬᠤᠶᠠᠷ ᠥᠮᠡᠨ︾ ᠢ ᠰᠦᠢᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/12
      5 ᠰᠠᠷ᠎ᠠ ᠶᠢᠨ 10 ᠤ ᠡᠳᠦᠷ᠂ ᠰᠦᠩᠱᠠᠨ ᠲᠣᠭᠤᠷᠢᠭ  ︽ᠬᠤᠶᠠᠷ ᠥᠮᠡᠨ︾ ᠢ ᠰᠦᠢᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃       ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠰᠠᠪᠠ ᠶᠢᠨ ᠬᠦᠵᠦᠭᠦᠨ ᠤ ᠥᠮᠡᠨ ᠪᠣᠯᠤᠨ ᠬᠥᠬᠦᠨ ᠪᠤᠯᠴᠢᠷᠬᠠᠶ ᠶᠢᠨ ᠥᠮᠡᠨ ᠪᠣᠯ ᠪᠠᠶᠢᠩᠭᠤ ᠲᠣᠬᠢᠶᠠᠯᠳᠤᠳᠠᠭ ᠡᠮᠡᠭᠲᠡᠶ ᠶᠢᠨ ᠬᠤᠣᠷᠲᠤ ᠬᠠᠪᠤᠳᠠᠷ ᠮᠥᠨ᠂ ᠡᠪᠡᠳᠴᠢᠨ ᠡᠭᠦᠰᠬᠦ ᠨᠣᠷᠮ᠎ᠠ ᠨᠢ ᠦᠷᠭᠦᠯᠵᠢᠯᠡᠨ ᠨᠡᠮᠡᠭᠳᠡᠵᠦ ᠪᠠᠶᠢᠬᠤ ᠪᠥᠭᠡᠳ ᠵᠠᠯᠠᠭᠤᠵᠢᠬᠤ ᠬᠠᠨᠳᠤᠰᠢ ᠲᠠᠢ ᠪᠣᠯᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠰᠦᠷᠳᠡᠭᠦᠯᠬᠦ ᠴᠢᠬᠤᠯᠠ ᠡᠪᠡᠳᠴᠢᠨ ᠪᠣᠯᠵᠤ ᠪᠠᠶᠢᠨ᠎ᠠ᠃ ︽ᠬᠤᠶᠠᠷ ᠥᠮᠡᠨ︾ ᠢ ᠰᠦᠢᠳᠬᠡᠯ ᠬᠤᠷᠢᠶᠠᠬᠤ ᠦᠭᠡᠶ ᠪᠠᠷ ᠰᠢᠭᠰᠢᠨ ᠪᠠᠶᠢᠴᠠᠭᠠᠬᠤ ᠠᠵᠢᠯ ᠪᠣᠯ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠪᠣᠳᠠᠲᠤ ᠶᠠᠪᠤᠳᠠᠯ ᠤᠨ ᠲᠥᠷᠥᠯ ᠵᠦᠢᠯ ᠤᠨ ᠨᠢᠭᠡ ᠪᠣᠯᠤᠨ᠎ᠠ᠂ ᠨᠠᠮ ᠪᠣᠯᠤᠨ ᠵᠠᠰᠠᠭ ᠤᠨ ᠣᠷᠳᠣᠨ ᠤ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠶᠢ ᠣᠳᠣᠬᠠᠨ ᠤ ᠨᠢᠭᠡ ᠵᠦᠢᠯ ᠤᠨ ᠴᠢᠬᠤᠯᠠ ᠱᠠᠲᠤ ᠦᠶ᠎ᠡ ᠶᠢᠨ ᠴᠢᠨᠠᠷᠲᠠᠶ ᠡᠭᠦᠷᠭᠡ ᠪᠣᠯᠭᠠᠨ ᠳᠣᠭᠢᠷᠠᠭᠤᠯᠵᠤ᠂ ᠦᠨᠡᠨᠬᠦ ᠶᠠᠪᠤᠭᠳᠠᠭᠤᠰᠢᠲᠠᠶ ᠠᠵᠢᠯ ᠤᠨ ᠲᠥᠰᠦᠯ ᠢ ᠲᠣᠭᠲᠠᠭᠠᠨ᠂ ᠤᠬᠠᠭᠤᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠳᠤ ᠲᠣᠰ ᠠᠵᠢᠯ ᠢ ᠮᠡᠳᠡᠭᠦᠯᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠰᠦᠩᠱᠠᠨ ᠲᠣᠭᠤᠷᠢᠭ ᠤᠨ ᠡᠮᠡᠭᠲᠡᠶ ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号