︽ᠮᠥ ᠵᠢᠶᠠ ᠶᠢᠩᠽᠢ ᠪᠠᠯᠭᠠᠰᠤᠨ ᠤ ︿ᠬᠤᠶᠠᠷ ᠬᠤᠷᠠᠯ﹀ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/16
      2023 ᠣᠨ ᠤ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ  ᠬᠢᠵᠦ᠂ ᠠᠳᠡᠯ ᠭᠠᠷᠬᠤ ᠶᠢ ᠨᠠᠷᠢᠨ ᠬᠢᠨᠠᠮᠠᠭᠠᠢ ᠪᠥᠭᠡᠳ ᠪᠦᠲᠦᠮᠵᠢᠲᠡᠢ ᠰᠡᠷᠭᠡᠶᠢᠯᠡᠵᠦ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ ᠲᠠᠢ ᠪᠠᠶᠢᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠪᠠᠶᠢᠴᠠᠭᠠᠬᠤ ᠴᠠᠭ      ︵2023 ᠣᠨ ᠤ 2 ᠰᠠᠷ᠎ᠠ ᠶᠢᠨ 10 ᠤ ᠡᠳᠦᠷ — 3 ᠰᠠᠷ᠎ᠠ ᠶᠢᠨ 14 ᠤ ᠡᠳᠦᠷ︶      ᠬᠤᠶᠠᠷ᠂ ᠪᠠᠶᠢᠴᠠᠭᠠᠬᠤ ᠠᠭᠤᠯᠭ᠎ᠠ      ︵ᠨᠢᠭᠡ︶ ᠠᠶᠤᠯᠲᠠᠶ ᠬᠢᠮᠢ ᠶᠢᠨ ᠪᠣᠳᠠᠰ ᠤᠨ ᠬᠦᠷᠢᠶ᠎ᠡ ᠴᠠᠷᠠᠭ᠎ᠠ᠃      ︵ᠬᠤᠶᠠᠷ︶ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠤ ᠲᠠᠯ᠎ᠠ ᠃      ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠠᠯ᠎ᠠ᠃      ᠭᠤᠷᠪᠠ᠂ ᠪᠠᠶᠢᠴᠠᠭᠠᠬᠤ ᠳᠤᠭᠤᠶᠢᠯᠠᠩ ᠪᠠᠶᠢᠭᠤᠯᠬᠤ      ᠳᠤᠭᠤᠶᠢᠯᠠᠩ ᠤᠨ ᠳᠠᠷᠤᠭ᠎ᠠ᠂ ᠪᠦᠷᠢᠯᠳᠦᠬᠦᠨ᠂ ᠬᠠᠮᠲᠤᠷᠠᠭᠰᠠᠨ ᠨᠢᠭᠡᠴᠡ᠂ ᠬᠠᠮᠵᠢᠯᠴᠠᠬᠤ ᠰᠠᠯᠠᠭ᠎ᠠ ᠮᠥᠴᠢᠷ ᠢᠶᠠᠷ ᠪᠦᠷᠢᠯᠳᠦᠨ᠎ᠡ᠃      ᠳᠥᠷᠪᠡ᠂ ᠬᠤᠯᠪᠣᠭᠳᠠᠯ ᠪᠥᠬᠦᠶ ᠱᠠᠭᠠᠷᠳᠠᠯᠭ᠎ᠠ      ︵ᠨᠢᠭᠡ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃      ︵ᠬᠤᠶᠠᠷ︶ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠨ᠎ᠠ᠃      ︵ᠭᠤᠷᠪᠠ︶ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ᠎ᠠ᠃      ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号