2023 ᠣᠨ ᠤ 2 ᠰᠠᠷ᠎ᠠ ᠶᠢᠨ 13 ᠤ ᠡᠳᠦᠷ᠂ ︽ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ | ᠬᠤᠷᠢᠶᠠᠨ ᠤ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ | ᠪᠦᠬᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︾ | ᠭᠡᠵᠦ ᠳᠥᠭᠦᠮᠴᠢᠯᠡᠨ᠎ᠡ︶ ᠢ ᠨᠡᠶᠢᠲᠡᠯᠡᠪᠡ᠃ ︽ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︾ ᠳᠤ ᠰᠣᠶᠣᠯ ᠪᠠ | ᠵᠤᠭᠠᠴᠠᠯ ᠤᠨ ᠠᠭᠤᠯᠭ᠎ᠠ ᠶᠢ ᠤᠯᠠᠨ ᠭᠠᠵᠠᠷ ᠲᠤ ᠳᠤᠷᠠᠳᠤᠭᠰᠠᠨ ᠪᠥᠭᠡᠳ ᠰᠣᠶᠣᠯ ᠤᠨ ᠠᠵᠤ ᠦᠢᠯᠡᠰ ᠢᠶᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ︔ ᠬᠥᠳᠡᠭᠡ ᠲᠣᠰᠬᠤᠨ ᠤ | ᠰᠡᠯᠡᠭᠦᠴᠡᠯ ᠵᠢᠭᠤᠯᠴᠢᠯᠠᠯ ᠤᠨ ᠰᠣᠳᠣᠨ ᠪᠦᠲᠦᠭᠡᠯ ᠤᠨ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ | ᠠᠷᠠᠳ ᠤᠨ ᠣᠷᠣᠨ ᠰᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠦᠨ᠎ᠡ ᠭᠡᠵᠦ ᠲᠤᠳᠤᠷᠬᠠᠢ | ᠳᠤᠷᠠᠳᠤᠨ ᠭᠠᠷᠭᠠᠪᠠ᠃ | ᠡᠭᠦᠨ ᠳᠤ᠂ ︽ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠤᠨ᠎ᠠ︾ ᠭᠡᠬᠦ ᠬᠡᠰᠡᠭ ᠲᠤ ᠳᠤᠷᠠᠳᠤᠭᠰᠠᠨ ᠨᠢ᠂ ᠣᠲᠣ ᠦᠶ᠎ᠡ ᠶᠢᠨ ᠬᠥᠳᠡᠭᠡ ᠲᠣᠰᠬᠤᠨ ᠤ | ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠬᠦᠳᠡᠭᠡ ᠲᠣᠰᠬᠤᠨ ᠤ ᠢᠳᠡᠭᠡᠨ ᠤᠮᠳᠠᠭᠠᠨ | ᠪᠠᠷᠠᠭ᠎ᠠ ᠬᠤᠳᠠᠯᠳᠤᠨ ᠠᠪᠬᠤ᠂ ᠰᠣᠶᠣᠯ ᠪᠡᠶ᠎ᠡ ᠶᠢᠨ ᠲᠠᠮᠢᠷ᠂ ᠵᠢᠭᠤᠯᠴᠢᠯᠠᠯ ᠰᠡᠯᠡᠭᠦᠴᠡᠯ᠂ ᠨᠠᠰᠤᠵᠢᠯ ᠤᠨ ᠠᠰᠠᠷᠠᠮᠵᠢ | ᠨᠢᠯᠬᠠᠰ ᠤᠨ ᠴᠡᠴᠡᠷᠯᠢᠭ᠂ ᠮᠡᠳᠡᠭᠡ ᠵᠠᠩᠭᠢ ᠶᠢᠨ ᠵᠠᠭᠤᠴᠢ ᠵᠡᠷᠭᠡ ᠠᠮᠢᠳᠤᠷᠠᠯ ᠤᠨ ᠦᠢᠯᠡᠴᠢᠯᠡᠭᠡ ᠶᠢ ᠬᠥᠭᠵᠢᠭᠦᠯᠦᠨ᠎ᠡ᠃ | ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠎ᠠ᠃ | ︽ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ︾ ᠭᠡᠬᠦ ᠬᠡᠰᠡᠭ ᠲᠤ ᠳᠤᠷᠠᠳᠤᠭᠰᠠᠨ ᠨᠢ | ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠦᠯᠡᠳᠡᠭᠡᠯ | ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ | ᠲᠠᠷᠢᠶᠠᠴᠢᠳ ᠤᠨ ᠣᠷᠣᠨ ᠰᠠᠭᠤᠴᠠ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ | ᠦᠢᠯᠡᠴᠢᠯᠡᠭᠡᠨ ᠤ ᠣᠷᠣᠨ ᠵᠠᠶ ᠪᠠ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠶᠢ ᠤᠷᠢᠳᠠᠪᠠᠷ | ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠷᠡᠭᠯᠡᠬᠦ ᠭᠠᠵᠠᠷ ᠰᠢᠷᠣᠶ ᠶᠢᠨ ᠲᠥᠷᠥ ᠶᠢᠨ | ᠪᠣᠳᠣᠯᠭ᠎ᠠ ᠶᠢᠨ ᠵᠦᠭᠯᠡᠭᠦᠷ ᠢ ᠨᠡᠶᠢᠲᠡᠯᠡᠨ᠎ᠡ᠃ ᠤᠯᠠᠮᠵᠢᠯᠠᠯᠲᠤ ᠠᠶᠢᠯ ᠲᠣᠰᠬᠤᠨ ᠢ ᠲᠥᠪᠯᠡᠷᠡᠭᠦᠯᠦᠨ ᠵᠠᠯᠭᠠᠯᠳᠤᠭᠤᠯᠤᠨ | ᠬᠠᠮᠠᠭᠠᠯᠠᠵᠤ ᠠᠰᠢᠭᠯᠠᠬᠤ ᠵᠢᠱᠢᠶ᠎ᠡ ᠦᠵᠡᠭᠦᠯᠬᠦ ᠶᠢ ᠬᠡᠷᠡᠭᠵᠢᠭᠦᠯᠵᠦ᠂ ᠤᠯᠠᠮᠵᠢᠯᠠᠯᠲᠤ ᠠᠶᠢᠯ ᠲᠣᠰᠬᠤᠨ ᠢ ᠪᠠᠶᠢᠴᠠᠭᠠᠵᠤ | ᠮᠠᠭᠠᠳᠯᠠᠨ ᠲᠣᠭᠲᠠᠭᠠᠬᠤ᠂ ᠬᠠᠰᠤᠵᠤ ᠨᠡᠶᠢᠯᠡᠭᠦᠯᠬᠦ ᠠᠴᠠ ᠡᠮᠦᠨᠡᠬᠢ ᠬᠢᠨᠠᠨ ᠪᠠᠶᠢᠴᠠᠭᠠᠯᠲᠠ᠂ ᠭᠠᠮᠰᠢᠭ ᠲᠤ | ᠬᠤᠬᠢᠷᠠᠬᠤ ᠶᠢ ᠰᠡᠷᠭᠡᠶᠢᠯᠡᠬᠦ ᠵᠡᠷᠭᠡ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ | ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠯᠠᠪᠳᠠᠭᠤᠨ | ᠪᠠᠲᠤᠲᠠᠶ ᠲᠦᠯᠬᠢᠨ ᠠᠬᠢᠭᠤᠯᠤᠨ᠎ᠠ᠃ ᠠᠶᠢᠯ ᠲᠣᠰᠬᠤᠨ ᠤ ᠤᠯᠠᠨ ᠨᠡᠶᠢᠲᠡ ᠶᠢᠨ ᠣᠷᠣᠨ ᠵᠠᠶ ᠶᠢ ᠴᠡᠭᠴᠡᠯᠡᠨ ᠵᠠᠰᠠᠬᠤ | ᠡᠷᠴᠢᠮ ᠢ ᠴᠢᠩᠭᠠᠷᠠᠭᠤᠯᠵᠤ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ | ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ | ᠡᠷᠦᠬᠡ ᠶᠢᠨ ᠳᠣᠲᠣᠷᠠᠬᠢ ᠵᠣᠷᠯᠣᠩ ᠢ ᠥᠭᠡᠷᠡᠴᠢᠯᠡᠬᠦ ᠠᠵᠢᠯ ᠢ ᠥᠷᠨᠢᠭᠦᠯᠦᠨ᠎ᠡ᠃ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠥᠳᠡᠭᠡ ᠲᠣᠰᠬᠤᠨ ᠤ | ᠵᠠᠰᠠᠮᠠᠯ ᠵᠠᠮ ᠤᠨ ᠠᠷᠠᠴᠢᠯᠠᠯᠲᠠ ᠪᠠ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠠᠮ ᠳᠠᠭᠠᠤ ᠶᠢᠨ | ᠢᠵᠢ ᠪᠦᠷᠢᠳᠦᠭᠦᠯᠬᠦ ᠲᠥᠬᠦᠭᠡᠷᠦᠮᠵᠢ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠤ ᠨᠢᠭᠡ | ᠴᠤᠭᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︽ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠢ ᠪᠦᠷᠢᠨᠰᠢᠬᠦᠯᠦᠨ᠎ᠡ︾ ᠭᠡᠬᠦ ᠬᠡᠰᠡᠭ ᠲᠤ ᠳᠤᠷᠠᠳᠤᠭᠰᠠᠨ ᠨᠢ᠂ ᠬᠥᠳᠡᠭᠡ ᠲᠣᠰᠬᠤᠨ ᠤ ᠤᠯᠠᠨ ᠲᠦᠮᠡᠨᠴᠢ | ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠵᠡᠷᠭᠡ ᠶᠢᠨ | ᠪᠠᠶᠢᠭᠤᠯᠤᠯᠲᠠ ᠶᠢ ᠥᠷᠭᠡᠳᠬᠡᠵᠦ᠂ ᠬᠥᠳᠡᠭᠡ ᠲᠣᠰᠬᠤᠨ ᠤ ᠥᠪᠡᠷᠲᠡᠭᠡᠨ ᠡᠷᠬᠢᠯᠡᠬᠦ ᠤᠯᠠᠨ ᠲᠦᠮᠡᠨᠴᠢ ᠴᠢᠨᠠᠷᠲᠠᠢ | ᠰᠣᠶᠣᠯ ᠤᠨ ᠠᠵᠢᠯᠯᠠᠭ᠎ᠠ ᠶᠢ ᠳᠡᠮᠵᠢᠨ᠎ᠡ᠃ ᠬᠡᠷ ᠪᠦᠯᠢ ᠶᠢᠨ ᠬᠥᠮᠦᠵᠢᠯ ᠬᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠬᠤᠯᠠᠴᠢᠯᠠᠨ᠎ᠠ᠃ ᠲᠠᠷᠢᠶᠠᠯᠠᠬᠤ ᠰᠣᠶᠣᠯ ᠢ ᠤᠯᠠᠮᠵᠢᠯᠠᠨ ᠬᠠᠮᠠᠭᠠᠯᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ | ᠴᠢᠬᠤᠯᠠ ᠪᠦᠬᠦᠢ ᠲᠠᠷᠢᠶᠠᠯᠠᠩ ᠤᠨ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ᠃ ᠳᠤᠮᠳᠠᠳᠤ | ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ ᠡᠷᠭᠢᠯᠡᠨ᠎ᠡ᠃ | ︽ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ | ᠴᠢᠩᠭᠠᠳᠬᠠᠨ᠎ᠠ︾ ᠭᠡᠬᠦ ᠬᠡᠰᠡᠭ ᠲᠤ ᠳᠤᠷᠠᠳᠤᠭᠰᠠᠨ ᠨᠢ᠂ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ | ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ | ᠮᠡᠷᠭᠡᠵᠢᠯ᠂ ᠰᠣᠶᠣᠯ᠂ ᠨᠡᠶᠢᠭᠡᠮ ᠤᠨ ᠠᠵᠢᠯ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠬᠦᠷᠢᠶᠡᠨ ᠳᠠᠬᠢ | ᠴᠢᠳᠠᠪᠤᠷᠢᠲᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠦᠢᠯᠡᠴᠢᠯᠡᠬᠦ ᠶᠢ ᠵᠣᠬᠢᠶᠠᠨ | ᠪᠠᠶᠢᠭᠤᠯᠤᠨ ᠬᠥᠲᠥᠯᠦᠨ ᠵᠢᠯᠣᠭᠤᠳᠴᠤ᠂ ᠲᠣᠰ ᠭᠠᠵᠠᠷ ᠣᠷᠣᠨ ᠤ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠬᠥᠮᠦᠵᠢᠭᠦᠯᠬᠦ ᠶᠢ ᠳᠡᠮᠵᠢᠨ᠎ᠡ᠃ |