5 ᠰᠠᠷ᠎ᠠ ᠶᠢᠨ 12 ᠤᠨ ᠡᠳᠦᠷ᠂ ︽ᠬᠤᠷᠢᠳᠤᠭᠠᠷ ᠶᠡᠭᠡ ᠬᠤᠷᠠᠯ ᠢ ᠮᠠᠭᠲᠠᠨ ᠰᠠᠶᠢᠰᠢᠶᠠᠵᠤ ᠰᠢᠨ᠎ᠡ | ᠰᠦᠩᠱᠠᠨ ᠢ ᠳᠠᠭᠤᠯᠠᠶ᠎ᠠ︾ ᠭᠡᠬᠦ ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠠᠵᠢᠯ ᠤᠨ | ᠴᠢᠯᠥᠭᠡᠨ ᠤ ᠳᠠᠭᠤᠴᠢᠳ ᠤᠨ ᠤᠷᠤᠯᠳᠤᠭᠠᠨ ᠰᠦᠩᠪᠸᠢ ᠶᠢᠨ ᠶᠡᠷᠦᠩᠬᠡᠶᠢᠯᠡᠭᠰᠡᠨ ᠲᠠᠯᠠᠪᠠᠢ ᠳᠤ ᠲᠡᠭᠦᠰ | ᠠᠮᠵᠢᠯᠲᠠ ᠲᠠᠢ ᠥᠨᠳᠥᠷᠯᠡᠪᠡ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠦᠨᠳᠦᠰᠦᠲᠡᠨ ᠤ ᠳᠤᠭᠤᠶᠢᠯᠠᠩ᠂ | ᠬᠢᠯᠪᠠᠷᠴᠢᠯᠠᠭᠰᠠᠨ ᠳᠤᠭᠤᠶᠢᠯᠠᠩ ᠲᠤᠰ ᠪᠦᠷᠢ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ | ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ ᠤᠨ 3 ᠨᠡᠷᠡᠰ ᠢ ᠰᠣᠩᠭᠤᠨ ᠭᠠᠷᠭᠠᠪᠠ᠃ | ᠡᠨᠡ ᠤᠳᠠᠭ᠎ᠠ ᠶᠢᠨ ᠠᠵᠢᠯ ᠤᠨ ᠴᠢᠯᠥᠭᠡᠨ ᠤ ᠳᠠᠭᠤᠴᠢᠳ ᠤᠨ ᠤᠷᠤᠯᠳᠤᠭᠠᠨ ᠳᠤ᠂ ᠤᠷᠤᠯᠳᠤᠭᠠᠨ ᠳᠤ | ᠣᠷᠣᠯᠴᠠᠭᠰᠠᠳ ᠤᠨ ᠳᠠᠭᠤᠯᠠᠭᠰᠠᠨ ᠳᠠᠭᠤᠤ ᠨᠢ ᠡᠬᠡ ᠤᠯᠤᠰ ᠢᠶᠠᠨ ᠳᠠᠭᠤᠯᠠᠬᠤ᠂ ᠨᠠᠮ ᠢᠶᠠᠨ ᠳᠠᠭᠤᠯᠠᠬᠤ᠂ ᠰᠢᠨ᠎ᠡ | ᠴᠠᠭ ᠦᠶ᠎ᠡ ᠶᠢ ᠳᠠᠭᠤᠯᠠᠬᠤ᠂ ᠰᠦᠩᠱᠠᠨ ᠢ ᠳᠠᠭᠤᠯᠠᠬᠤ ᠪᠠᠷ ᠭᠤᠣᠯ ᠪᠣᠯᠭᠠᠵᠤ᠂ ᠠᠭᠤᠯᠭ᠎ᠠ ᠨᠢ ᠢᠳᠡᠪᠬᠢᠲᠡᠢ ᠡᠷᠡᠭᠦᠯ | ᠥᠭᠡᠳᠡᠷᠬᠡᠭ ᠪᠠᠶᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ | ᠨᠡᠶᠢᠭᠡᠮ ᠤᠨ ᠢᠳᠡᠪᠬᠢ ᠬᠦᠴᠦᠨ ᠢ ᠲᠠᠮᠵᠢᠭᠤᠯᠪᠠ᠃ |