ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠬᠤ ᠳᠤᠭᠤᠶᠢᠯᠠᠩ ᠰᠦᠩᠱᠠᠨ ᠲᠣᠭᠤᠷᠢᠭ ᠲᠤ ᠢᠷᠡᠵᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2023/5/16
      5 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠨᠳᠦᠰᠦᠲᠡᠨ ᠬᠠᠷᠢᠶᠠᠲᠤ ᠨᠠᠷ ᠤᠨ ᠶᠠᠪᠤᠳᠠᠯ ᠵᠢᠴᠢ ᠭᠠᠳᠠᠭᠠᠳᠤ ᠶᠠᠪᠤᠳᠠᠯ ᠤᠨ ᠵᠥᠪᠯᠡᠯ ᠤᠨ ᠳᠡᠳ᠋ ᠡᠷᠬᠢᠯᠡᠭᠴᠢ ᠬᠢᠩᠭᠠᠨ ᠪᠠᠶᠢᠴᠠᠭᠠᠬᠤ ᠳᠤᠭᠤᠶᠢᠯᠠᠩ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠦᠷᠨᠢᠭᠦᠯᠪᠡ᠃ ᠬᠤᠳᠠ᠂ ᠲᠣᠭᠤᠷᠢᠭ ᠤᠨ ᠤᠳᠤᠷᠢᠳᠤᠯᠭ᠎ᠠ ᠮᠦᠩᠬᠡᠳᠠᠯᠠᠢ᠂ ᠶᠤᠸᠠᠨ ᠴᠦᠨ ᠯᠢ᠂ ᠰᠢᠤᠢ ᠹᠸᠢ ᠶᠠᠨ ᠪᠠᠶᠢᠴᠠᠭᠠᠯᠲᠠ ᠳᠤ ᠣᠷᠣᠯᠴᠠᠪᠠ᠃      ᠪᠠᠶᠢᠴᠠᠭᠠᠬᠤ ᠳᠤᠭᠤᠶᠢᠯᠠᠩ ᠤᠷᠢᠳ ᠬᠤᠵᠢᠳ ᠰᠦᠩᠱᠠᠨ ᠲᠣᠭᠤᠷᠢᠭ ᠤᠨ ᠠᠷᠪᠠᠳᠤᠭᠠᠷ ᠬᠡᠦᠬᠡᠳ ᠤᠨ ᠴᠡᠴᠡᠷᠯᠢᠭ᠂ ᠬᠢᠩᠭᠠᠨ ᠵᠡᠭᠡᠯᠢ ᠭᠤᠳᠤᠮᠵᠢ ᠶᠢᠨ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ᠂ ᠥᠪᠥᠷ ᠮᠣᠩᠭᠤᠯ ᠤᠨ ᠤᠯᠠᠭᠠᠨᠬᠠᠳᠠ ᠶᠢᠨ ᠠᠶ ᠵᠢᠶᠠ ᠶᠠᠩ ᠭᠤᠸᠠᠩ ᠭᠡᠷ ᠤᠨ ᠶᠠᠪᠤᠳᠠᠯ ᠤᠨ ᠺᠣᠮᠫᠠᠨᠢ ᠳᠤ ᠬᠦᠷᠴᠦ ︽ᠳᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠲᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠭᠤᠤᠯ ᠠᠷᠭ᠎ᠠ ᠬᠢᠳᠡᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠤᠶᠢᠯᠠᠭᠠᠪᠠ᠃      ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ︽ᠵᠢᠷᠭᠤᠭᠠᠨ ᠲᠠᠪᠴᠠᠩ︾ ᠳᠤ ᠲᠦᠰᠢᠭᠯᠡᠨ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠥᠭᠡᠨ ᠲᠣᠭᠠᠲᠤ ᠦᠨᠳᠦᠰᠦᠲᠡᠨ ᠤ ︽ᠣᠷᠣᠵᠤ ᠢᠷᠡᠬᠦ᠂ ᠦᠯᠡᠳᠡᠵᠦ ᠰᠠᠭᠤᠬᠤ᠂ ᠰᠠᠶᠢᠬᠠᠨ ᠰᠠᠭᠤᠬᠤ︾ ᠶᠢ ᠪᠡᠶᠡᠯᠡᠭᠦᠯᠪᠡ︔ ︽ᠨᠠᠢᠮᠠ ᠶᠢ ᠠᠬᠢᠭᠤᠯᠬᠤ︾ ᠠᠵᠢᠯᠯᠠᠭ᠎ᠠ ᠶᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠣᠨᠣᠯ ᠤᠨ ᠮᠡᠳᠡᠯᠭᠡ ᠶᠢ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠤᠬᠠᠭᠤᠯᠬᠤ ᠶᠢ ᠪᠠᠷᠢᠮᠲᠠᠯᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠰᠦᠩᠱᠠᠨ ᠲᠣᠭᠤᠷᠢᠭ ᠲᠤ ᠨᠢᠭᠡᠨᠲᠡ ᠬᠤᠳᠠ ᠶᠢᠨ ᠲᠡᠰ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ  ᠨᠢᠭᠡᠴᠡ ᠶᠢ 72 ᠪᠠᠶᠢᠭᠤᠯᠵᠤ᠂ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ︾ ᠪᠣᠯᠤᠨ ︽ᠪᠦᠬᠦ ᠤᠯᠤᠰ ᠤᠨ ᠳᠥᠷᠪᠡᠳᠦᠭᠡᠷ ᠪᠦᠯᠦᠭ ᠤᠨ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠬᠤᠳᠠ︾ ᠭᠡᠬᠦ ᠢᠷᠠᠭᠤ ᠠᠯᠳᠠᠷ ᠤᠨ ᠴᠣᠯᠠ ᠶᠢ  ᠬᠦᠷᠲᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号