5 ᠰᠠᠷ᠎ᠠ ᠶᠢᠨ 12 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠪᠠᠶ ᠬᠤᠩ ᠪᠥᠸᠧ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ︽ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠡᠷᠡᠭᠦᠯ ᠡᠩᠬᠡ ᠤᠯᠠᠭᠠᠨᠬᠠᠳᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠠᠵᠢᠯ ᠤᠨ | ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠴᠢᠨ ᠢᠦᠢ ᠬᠤᠤ᠂ ᠲᠠᠩ ᠲᠢᠩ | ᠲᠢᠩ᠂ ᠶᠣᠣ ᠰᠢᠤᠸᠠᠢ ᠱᠤ᠋ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠢᠳᠬᠤᠯᠠᠩ ᠪᠠᠯᠭᠠᠰᠤ ᠶᠢᠨ ᠭᠤᠣᠯ | ᠡᠷᠡᠭᠦᠯ ᠬᠠᠮᠠᠭᠠᠯᠠᠯ ᠤᠨ ᠬᠤᠷᠢᠶ᠎ᠠ᠂ ᠴᠢᠳᠬᠤᠯᠠᠩ ᠪᠠᠯᠭᠠᠰᠤ ᠶᠢᠨ ᠬᠦ᠋ ᠱᠠᠨ ᠽᠢ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠬ᠂ ᠳ᠋ᠠ ᠮᠢᠶᠣᠣ ᠪᠠᠯᠭᠠᠰᠤ ᠶᠢᠨ ᠯᠢᠦ ᠵᠢᠶᠠ ᠶᠢᠩᠽᠢ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠬ᠂ ᠳ᠋ᠠ ᠮᠢᠶᠣᠣ ᠪᠠᠯᠭᠠᠰᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠬᠢᠩᠭᠠᠨ ᠵᠡᠭᠡᠯᠢ ᠭᠤᠳᠤᠮᠵᠢ ᠶᠢᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠢᠩᠭᠠᠨ ᠵᠡᠭᠡᠯᠢ ᠭᠤᠳᠤᠮᠵᠢ ᠶᠢᠨ ᠯᠢᠨ | ᠬᠤᠸᠠᠩ ᠵᠢᠶᠠ ᠶᠤᠸᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠳᠤ | ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠰᠦᠩᠱᠠᠨ ᠲᠣᠭᠤᠷᠢᠭ ᠤᠨ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠶᠢᠨ | ᠰᠠᠭᠤᠷᠢ ᠲᠥᠬᠦᠭᠡᠷᠦᠮᠵᠢ ᠵᠢᠴᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠡᠮ ᠡᠮᠨᠡᠯᠭᠡ ᠶᠢᠨ | ᠲᠥᠬᠦᠭᠡᠷᠦᠮᠵᠢ ᠶᠢᠨ ᠲᠣᠬᠢᠷᠠᠭᠤᠯᠤᠯᠲᠠ᠂ ᠡᠳ᠋ ᠤᠨ ᠶᠠᠪᠤᠳᠠᠯ ᠤᠨ ᠠᠵᠢᠯᠯᠠᠭᠠᠨ᠂ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ ᠰᠦᠩᠱᠠᠨ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠪᠠ᠃ | ᠬᠤᠷᠠᠯ ᠳᠤ ᠣᠷᠣᠯᠴᠠᠭᠰᠠᠳ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠬᠡᠷᠬᠢᠨ ᠳᠡᠭᠡᠭᠰᠢᠯᠡᠭᠦᠯᠬᠦ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠪᠣᠯᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢᠨ ᠠᠵᠢᠯ ᠤᠨ ᠲᠤᠬᠠᠢ ᠰᠠᠨᠠᠯ | ᠰᠠᠨᠠᠭᠤᠯᠭ᠎ᠠ ᠳᠤᠷᠠᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠠᠯ᠎ᠠ ᠶᠢᠨ ᠠᠵᠢᠯ ᠳᠤ ᠣᠯᠤᠭᠰᠠᠨ ᠠᠮᠵᠢᠯᠲᠠ ᠶᠢ ᠭᠦᠢᠴᠡᠳ | ᠨᠤᠲᠠᠯᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠡᠷᠡᠭᠦᠯ ᠡᠩᠭᠡ ᠤᠯᠠᠭᠠᠨᠬᠠᠳᠠ ᠶᠢᠨ ᠪᠦᠳᠦᠭᠡᠨ ᠪᠠᠶᠢᠭᠤᠯᠤᠯᠲᠠ ᠶᠢ | ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠲᠦᠷᠢᠮ᠂ ᠲᠥᠷᠥ ᠶᠢᠨ ᠪᠣᠳᠣᠯᠭ᠎ᠠ ᠪᠠ ᠤᠷᠮᠠᠰᠢᠭᠤᠯᠬᠤ | ᠲᠣᠭᠲᠠᠴᠠ ᠪᠠᠷ ᠳᠠᠮᠵᠢᠭᠤᠯᠤᠨ ᠦᠯᠡᠮᠵᠢ ᠣᠯᠠᠨ ᠰᠢᠯᠢᠳᠡᠭ ᠴᠢᠳᠠᠪᠤᠷᠢᠲᠠᠨ ᠢ ᠲᠡᠳᠡᠨ ᠠᠪᠴᠢᠷᠠᠬᠤ ᠬᠡᠷᠡᠭᠲᠡᠶ᠃ | ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠴᠢᠳᠠᠪᠤᠷᠢᠲᠠᠨ ᠢ | ᠬᠥᠮᠦᠵᠢᠭᠦᠯᠬᠦ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠶᠡᠭᠡ ᠪᠠᠷ ᠬᠡᠷᠡᠭᠵᠢᠭᠦᠯᠵᠦ᠂ ᠴᠢᠳᠠᠪᠤᠷᠢᠲᠠᠨ ᠢ | ᠡᠯᠰᠡᠵᠦ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠬᠢ | ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠡᠯ᠎ᠡ ᠲᠠᠯ᠎ᠠ ᠶᠢᠨ ᠬᠢᠨ ᠢ ᠲᠠᠲᠠᠵᠤ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠣᠷᠣᠯᠴᠠᠭᠤᠯᠵᠤ᠂ ᠤᠯᠠᠨ ᠲᠦᠮᠡᠨ ᠤ ᠤᠯᠠᠨ | ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠶ᠃ |