ᠰᠦᠩᠵᠸᠦ ᠵᠡᠭᠡᠯᠢ ᠭᠤᠳᠤᠮᠵᠢ ᠰᠤᠷᠭᠠᠭᠤᠯᠢ ᠳᠤ ᠪᠠᠶᠢᠭ᠎ᠠ ᠤᠶᠤᠲᠠᠳ ᠲᠤ 30 ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠪᠠ
ᠨᠡᠶᠢᠲᠡᠯᠡᠭᠰᠡᠨ ᠴᠠᠭ᠄
2023/5/16
     ᠣᠶᠢᠷ᠎ᠠ ᠳᠤ᠂ ᠰᠦᠩᠵᠸᠦ ᠵᠡᠭᠡᠯᠢ ᠭᠤᠳᠤᠮᠵᠢ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠶᠢᠨ ᠬᠤᠷᠢᠶ᠎ᠠ ᠵᠡᠭᠡᠯᠢ ᠭᠤᠳᠤᠮᠵᠢ ᠪᠠ ᠰᠤᠷᠭᠠᠭᠤᠯᠢ ᠶᠢᠨ ᠬᠠᠷᠢᠯᠴᠠᠨ ᠨᠡᠪᠲᠡᠷᠡᠯᠴᠡᠬᠦ · ᠡᠪᠯᠡᠯ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠠᠵᠢᠯᠯᠠᠭ᠎ᠠ ᠥᠷᠨᠢᠭᠦᠯᠵᠦ᠂ ᠤᠶᠤᠲᠠᠳ ᠤᠨ ᠳᠠᠳᠤᠯᠭ᠎ᠠ ᠦᠢᠯᠡᠳᠦᠯᠭᠡ ᠶᠢᠨ ᠳᠤᠮᠳᠠ ᠠᠵᠢᠯ ᠤᠨ ᠲᠤᠷᠰᠢᠯᠭ᠎ᠠ ᠪᠠᠨ ᠨᠥᠭᠡᠴᠡᠯᠡᠬᠦ ᠳᠤ ᠬᠦᠴᠦᠨ ᠨᠡᠮᠡᠷᠢᠯᠡᠵᠦ᠂ ᠠᠵᠢᠯ ᠣᠯᠭᠤᠯᠲᠠ ᠶᠢᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠬᠠᠮᠲᠤ ᠦᠨᠳᠦᠰᠦᠨ ᠱᠠᠲᠤᠨ ᠳᠤ ᠣᠶᠤᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠦᠨᠳᠦᠰᠦᠨ ᠱᠠᠲᠤᠨ ᠤ ᠨᠡᠶᠢᠭᠡᠮ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃      ᠰᠦᠩᠵᠸᠦ ᠵᠡᠭᠡᠯᠢ ᠭᠤᠳᠤᠮᠵᠢ ᠤᠶᠤᠲᠠᠳ ᠲᠤ ᠡᠷᠬᠢᠯᠡᠭᠴᠢ ᠶᠢᠨ ᠬᠢᠨᠠᠨ ᠬᠠᠮᠢᠶᠠᠷᠤᠭᠴᠢ᠂ ᠲᠤᠰᠢᠶᠠᠯ ᠬᠠᠪᠰᠤᠷᠭᠠᠭᠰᠠᠨ ᠨᠡᠶᠢᠭᠡᠮ ᠲᠣᠭᠤᠷᠢᠭ ᠤᠨ ᠳᠡᠳ᠋ ᠱᠦᠵᠢ᠂ ᠳᠡᠳ᠋ ᠡᠷᠬᠢᠯᠡᠭᠴᠢ ᠵᠡᠷᠭᠡ 30 ᠨᠡᠶᠢᠭᠡᠮ ᠤᠨ ᠦᠢᠯᠡᠳᠦᠯᠭᠡ ᠶᠢᠨ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠰᠢᠯᠢᠳᠡᠭ ᠢ ᠨᠢ ᠰᠣᠩᠭᠤᠨ ᠬᠡᠷᠡᠭᠯᠡᠭᠰᠡᠨ ᠰᠤᠷᠤᠭᠴᠢᠳ ᠲᠥᠪᠯᠡᠷᠡᠭᠦᠯᠦᠨ ᠪᠣᠯᠪᠠᠰᠤᠷᠠᠭᠤᠯᠤᠭᠰᠠᠨ ᠤ ᠳᠠᠷᠠᠭ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠣᠷᠣᠯᠴᠠᠵᠤ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠨ᠎ᠡ᠃      ᠲᠠᠷᠠᠭᠠᠴᠢ ᠶᠢᠨ ᠠᠯᠬᠤᠮ ᠳᠤ᠂ ᠰᠦᠩᠵᠸᠦ ᠵᠡᠭᠡᠯᠢ ᠭᠤᠳᠤᠮᠵᠢ ᠳᠠᠳᠤᠯᠭ᠎ᠠ ᠶᠢᠨ ᠰᠣᠷᠣᠭᠴᠢ ᠶᠢᠨ ᠠᠵᠢᠯ ᠤᠨ ᠪᠠᠶᠢᠳᠠᠯ ᠢ ᠤᠯᠠᠮ ᠨᠢᠭᠡ ᠠᠯᠬᠤᠮ ᠳᠠᠭᠠᠵᠤ᠂ ᠳᠠᠳᠤᠯᠭ᠎ᠠ ᠶᠢᠨ ᠠᠵᠢᠯ ᠤᠨ ᠪᠠᠶᠢᠷᠢ ᠳᠤ ᠴᠠᠭ ᠲᠤᠨᠢ ᠲᠣᠬᠢᠷᠠᠭᠤᠯᠤᠯᠲᠠ ᠬᠢᠵᠦ᠂ ᠬᠥᠮᠦᠨ ᠪᠠ ᠠᠵᠢᠯ ᠤᠨ ᠪᠠᠶᠢᠷᠢ ᠶᠢ ᠵᠣᠬᠢᠴᠠᠯᠳᠤᠭᠤᠯᠤᠨ᠂ ᠳᠠᠳᠤᠯᠭ᠎ᠠ ᠳᠤ ᠣᠷᠣᠯᠴᠠᠬᠤ ᠰᠣᠷᠣᠭᠴᠢ ᠶᠢᠨ ᠨᠡᠶᠢᠭᠡᠮ ᠤᠨ ᠦᠢᠯᠡᠳᠦᠯᠭᠡ ᠶᠢᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠬᠤ ᠪᠠ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠵᠤ᠂ ᠳᠠᠳᠤᠯᠭ᠎ᠠ ᠶᠢᠨ ᠰᠣᠷᠣᠭᠴᠢ ᠨᠢᠭᠡᠪᠦᠷᠢ ᠶᠢ ᠰᠤᠷᠤᠯᠴᠠᠪᠠᠯ ᠣᠯᠤᠯᠲᠠ ᠲᠠᠢ᠂ ︽ ᠦᠢᠯᠡᠳᠦᠯᠭᠡᠵᠢᠭᠦᠯᠪᠡᠯ︾ ᠣᠯᠤᠯᠲᠠ ᠲᠠᠢ ᠪᠣᠯᠭᠠᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号