ᠣᠶᠢᠷ᠎ᠠ ᠳᠤ᠂ ︽ᠰᠦᠩᠱᠠᠨ ᠲᠣᠭᠤᠷᠢᠭ ᠤᠨ ᠬᠠᠪᠤᠷ ᠤᠨ ᠤᠯᠠᠷᠢᠯ ᠤᠨ ᠴᠡᠴᠡᠭ ᠰᠣᠨᠢᠷᠬᠠᠬᠤ ᠠᠶᠠᠯᠠᠯ︾ ᠨᠢ | ᠰᠣᠶᠣᠯ ᠪᠠ ᠵᠢᠭᠤᠯᠴᠢᠯᠠᠯ ᠤᠨ ᠶᠠᠮᠤᠨ ᠤ ᠭᠠᠷᠭᠠᠭᠰᠠᠨ ︽ᠦᠵᠡᠰᠬᠦᠯᠡᠩᠲᠦ ᠰᠠᠶᠢᠬᠠᠨ ᠬᠠᠪᠤᠷ ᠤᠨ ᠦᠵᠡᠮᠵᠢ ᠵᠠᠮ | ᠳᠡᠭᠡᠷ᠎ᠡ︾ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠳᠤ | ᠰᠣᠩᠭᠤᠭᠳᠠᠪᠠ᠃ | ᠣᠶᠢᠯᠠᠭᠠᠭᠰᠠᠨ ᠢᠶᠠᠷ᠂ ︽ᠰᠦᠩᠱᠠᠨ ᠲᠣᠭᠤᠷᠢᠭ ᠤᠨ ᠬᠠᠪᠤᠷ ᠤᠨ ᠤᠯᠠᠷᠢᠯ ᠤᠨ ᠴᠡᠴᠡᠭ ᠰᠣᠨᠢᠷᠬᠠᠬᠤ | ᠠᠶᠠᠯᠠᠯ︾ ᠤᠨ ᠠᠶᠠᠯᠠᠯ ᠤᠨ ᠱᠤᠭᠤᠮ ᠪᠣᠯ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ᠳ᠋ᠠ ᠰᠢᠩ ᠯᠦᠩ | ᠬᠥᠳᠡᠭᠡ ᠨᠤᠲᠤᠭ ᠤᠨ ᠰᠡᠯᠡᠭᠦᠴᠡᠯ ᠵᠤᠭᠠᠴᠠᠯ ᠠᠮᠠᠷᠠᠯᠲᠠ ᠶᠢᠨ ᠣᠷᠣᠨ — ᠳ᠋ᠠ ᠮᠢᠶᠣᠣ ᠪᠠᠯᠭᠠᠰᠤᠨ ᠤ ᠰᠢᠶᠤᠤ | ᠮᠢᠶᠣᠣ ᠽᠢ ᠲᠣᠰᠬᠤᠨ — ᠬᠠᠭᠤᠴᠢᠨ ᠬᠤᠷᠤᠭ᠎ᠠ ᠪᠠᠯᠭᠠᠰᠤᠨ ᠤ ᠶᠡᠭᠡ ᠣᠯᠢᠶᠠᠰᠤᠲᠠᠢ ᠲᠣᠰᠬᠤᠨ — | ᠬᠠᠭᠤᠴᠢᠨ ᠬᠤᠷᠤᠭ᠎ᠠ ᠪᠠᠯᠭᠠᠰᠤᠨ ᠤ ᠳ᠋ᠦᠩ ᠬᠤᠩ ᠵᠤᠰᠠᠯᠠᠩ — ᠬᠠᠭᠤᠴᠢᠨ ᠬᠤᠷᠤᠭ᠎ᠠ ᠪᠠᠯᠭᠠᠰᠤᠨ ᠤ | ᠣᠯᠢᠶᠠᠰᠤᠲᠠᠢ ᠦᠵᠡᠮᠵᠢ ᠶᠢᠨ ᠣᠷᠣᠨ — ᠮᠦ ᠵᠢᠶᠠ ᠶᠢᠩᠽᠢ ᠪᠠᠯᠭᠠᠰᠤᠨ ᠤ ᠯᠦᠩ ᠲᠠᠨ ᠦᠵᠡᠮᠵᠢ ᠶᠢᠨ ᠣᠷᠣᠨ | ᠪᠣᠯᠤᠨ᠎ᠠ᠃ | ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠪᠦᠬᠦ ᠲᠣᠭᠤᠷᠢᠭ ᠤᠨ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠵᠦ᠂ ᠴᠡᠴᠡᠭᠯᠡᠬᠦ ᠬᠤᠭᠤᠴᠠᠭ᠎ᠠ᠂ ᠣᠷᠣᠨ ᠪᠠᠶᠢᠷᠢ ᠶᠢ ᠦᠨᠳᠦᠰᠦᠯᠡᠨ ᠬᠥᠳᠡᠭᠡ ᠲᠣᠰᠬᠤᠨ ᠤ | ᠵᠤᠭᠠᠴᠠᠯ ᠤᠨ ᠰᠣᠳᠣᠨ ᠪᠦᠲᠦᠭᠡᠯ ᠤᠨ ᠴᠡᠴᠡᠭ ᠰᠣᠨᠢᠷᠬᠠᠬᠤ ᠵᠠᠮ ᠱᠤᠭᠤᠮ ᠢ ᠪᠠᠶᠢᠭᠤᠯᠵᠤ᠂ ᠬᠥᠳᠡᠭᠡ ᠠᠵᠤ ᠠᠬᠤᠢ | ᠬᠤᠳᠠᠯᠳᠤᠭ᠎ᠠ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠠᠬᠢᠭᠤᠯᠬᠤ ᠶᠢᠨ ᠬᠠᠮᠲᠤ | ᠡᠷᠬᠢᠨ ᠲᠣᠭᠤᠷᠢᠨ ᠤ ᠦᠵᠡᠮᠵᠢ ᠶᠢᠨ ᠣᠷᠣᠨ ᠪᠣᠯᠤᠨ ᠰᠣᠶᠣᠯ ᠵᠤᠭᠠᠴᠠᠯ ᠤᠨ ᠠᠵᠢᠯᠯᠠᠭ᠎ᠠ ᠶᠢ ᠨᠡᠶᠢᠳᠬᠡᠵᠦ᠂ | ᠭᠠᠳᠠᠭᠰᠢ ᠭᠠᠷᠴᠤ ᠴᠡᠴᠡᠭ ᠰᠣᠨᠢᠷᠬᠠᠬᠤ ᠶᠢ ᠬᠠᠪᠤᠷ ᠤᠨ ᠤᠯᠠᠷᠢᠯ ᠤᠨ ᠵᠤᠭᠠᠴᠠᠯ ᠪᠣᠯᠭᠠᠨ ᠬᠤᠪᠢᠷᠠᠭᠤᠯᠵᠤ᠂ ᠴᠡᠴᠡᠭ | ᠰᠣᠨᠢᠷᠬᠠᠬᠤ ᠠᠵᠤ ᠠᠬᠤᠢ ᠶᠢ ᠬᠥᠭᠵᠢᠭᠡᠬᠦ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠪᠡ᠃ |