ᠤᠯᠠᠭᠠᠨᠬᠠᠳᠠ ᠬᠤᠳᠠ ᠶᠢᠨ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠤᠳᠤᠷᠢᠮᠳᠦᠵᠢ
ᠨᠡᠶᠢᠲᠡᠯᠡᠭᠰᠡᠨ ᠴᠠᠭ᠄
2023/5/17
      ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠦᠨᠳᠦᠰᠦᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠠ ᠬᠢᠨᠠᠯᠲᠠ ᠲᠠᠯᠪᠢᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠨᠠᠩ ᠰᠠᠶᠢᠲᠤᠷ ᠥᠷᠨᠢᠭᠦᠯᠵᠦ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠪᠠ ᠪᠠᠶᠢᠴᠠᠭᠠᠨ ᠦᠵᠡᠬᠦ ᠳᠤ ᠲᠥᠬᠦᠮ ᠦᠵᠡᠭᠦᠯᠦᠨ᠂ ᠲᠡᠳᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠠᠪᠤᠷᠠᠨ ᠲᠣᠰᠠᠯᠠᠬᠤ ᠡᠷᠬᠡ ᠶᠢ ᠬᠠᠤᠯᠢ ᠶᠣᠰᠣᠭᠠᠷ ᠪᠠᠲᠤᠯᠠᠬᠤ ᠶᠢᠨ ᠲᠤᠰᠠᠳᠠ᠂ ᠲᠣᠰ ︽ᠤᠳᠤᠷᠢᠮᠳᠣᠵᠢ︾ ᠶᠢ ᠲᠤᠰᠬᠠᠶᠢᠯᠠᠨ ᠨᠠᠶᠢᠷᠠᠭᠤᠯᠤᠨ ᠵᠣᠬᠢᠶᠠᠪᠠ᠃      ︽ᠤᠳᠤᠷᠢᠮᠳᠣᠵᠢ︾ ᠶᠢ ᠵᠢᠯ ᠪᠦᠷᠢ ᠨᠢᠭᠡ ᠤᠳᠠᠭ᠎ᠠ ᠰᠢᠨᠡᠳᠬᠡᠵᠦ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶᠡᠨ ᠳᠡᠭᠡᠷ᠎ᠡ ᠠᠴᠠ ᠡᠷᠢᠵᠦ ᠦᠵᠡᠵᠦ ᠪᠣᠯᠤᠨ᠎ᠠ ᠂ ᠪᠠᠰᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠰᠦᠩᠪᠸᠢ ᠶᠢᠨ ᠰᠢᠨ᠎ᠡ ᠬᠤᠲᠠ ᠶᠢᠨ ᠪᠠᠶ ᠯᠢᠦ ᠵᠠᠮ ᠤᠨ ᠪᠠᠷᠠᠭᠤᠨ ᠲᠠᠯ᠎ᠠ᠂ ᠰᠦᠩ ᠶᠤᠸᠠᠢ ᠵᠡᠭᠡᠯᠢ ᠶᠢᠨ ᠡᠮᠦᠨᠡᠬᠢ ᠠᠭᠤᠯᠵᠠᠷ ᠤᠨ ᠭᠠᠵᠠᠷ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠠᠴᠠ ᠠᠪᠴᠤ ᠪᠣᠯᠤᠨ᠎ᠠ᠃      ︽ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ︾ ᠶᠢᠨ ᠰᠦᠯᠵᠢᠶᠡᠨ ᠤ ᠬᠠᠶ᠋ᠢᠭ᠄ http://www.ssq.gov.cn/      ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠤᠨ ᠬᠠᠶ᠋ᠢᠭ᠄ ᠰᠥᠩ ᠪᠸᠢ ᠰᠢᠨ᠎ᠡ ᠬᠤᠲᠠ ᠶᠢᠨ ᠪᠠᠶ ᠯᠢᠦ ᠵᠠᠮ ᠤᠨ ᠪᠠᠷᠠᠭᠤᠨ᠂ ᠰᠥᠩ ᠶᠤᠸᠠᠢ ᠵᠡᠭᠡᠯᠢ ᠶᠢᠨ ᠡᠮᠦᠨ᠎ᠡ ᠠᠭᠤᠯᠵᠠᠷ ᠤᠨ ᠭᠠᠵᠠᠷ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠤᠨ ᠳᠥᠷᠪᠡᠳᠦᠭᠡᠷ ᠠᠰᠠᠷ᠃      ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠤᠨ ᠬᠠᠷᠢᠯᠴᠠᠬᠤ ᠤᠲᠠᠰᠤ᠄ 0476 — 8469099᠃      ᠨᠢᠭᠡ᠂ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ      ︵ᠨᠢᠭᠡ︶ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠮᠡᠳᠡᠭᠡ ᠵᠠᠩᠭᠢ᠄      1᠂ ᠵᠢᠷᠤᠮᠵᠢᠯ ᠤᠨ ᠴᠢᠨᠠᠷᠲᠠᠶ ᠮᠠᠲ᠋ᠧᠷᠢᠶᠠᠯ ᠵᠢᠴᠢ ᠨᠡᠶᠢᠭᠡᠮ ᠤᠨ ᠬᠠᠮᠢᠶᠠᠷᠤᠯᠲᠠ ᠪᠠ ᠨᠡᠶᠢᠲᠡ ᠶᠢᠨ ᠦᠢᠯᠡᠴᠢᠯᠡᠯᠭᠡᠨ ᠤ ᠬᠠᠮᠢᠶ᠎ᠠ ᠪᠦᠭᠦᠢ ᠪᠣᠰᠣᠳ ᠪᠢᠴᠢᠭ ᠮᠠᠲ᠋ᠧᠷᠢᠶᠠᠯ      2᠂ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠵᠢᠴᠢ ᠲᠡᠭᠦᠨ ᠢ ᠬᠡᠷᠡᠭᠵᠢᠭᠦᠯᠦᠭᠰᠡᠨ ᠪᠠᠶᠢᠳᠠᠯ︔      3᠂ ᠬᠤᠳᠠ ᠪᠠᠯᠭᠠᠰᠤᠨ ᠤ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠪᠤᠰᠤᠳ ᠲᠤᠰᠬᠠᠶ ᠮᠡᠷᠭᠡᠵᠢᠯ ᠤᠨ ᠲᠥᠯᠥᠪᠵᠢᠭᠦᠯᠭᠡ ᠵᠢᠴᠢ ᠲᠡᠭᠦᠨ ᠢ ᠬᠡᠷᠡᠭᠵᠢᠭᠦᠯᠦᠭᠰᠡᠨ ᠪᠠᠶᠢᠳᠠᠯ︔      4᠂ ᠬᠥᠮᠦᠨ ᠠᠮᠠ᠂ ᠡᠬᠢ ᠪᠠᠶᠠᠯᠢᠭ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠶᠢᠳᠠᠯ︔      5᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ᠂ ᠲᠥᠰᠦᠪ ᠤᠨ ᠭᠦᠢᠴᠡᠳᠬᠡᠯ ᠵᠢᠴᠢ ᠬᠢᠨᠠᠨ ᠪᠤᠳᠤᠯᠳᠠ ᠶᠢᠨ ᠪᠠᠶᠢᠳᠠᠯ︔      6᠂ ᠵᠠᠰᠠᠭ ᠤᠨ ᠣᠷᠳᠣᠨ ᠤ ᠪᠠᠶᠢᠭᠤᠯᠤᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ᠂ ᠡᠭᠦᠷᠭᠡ ᠴᠢᠳᠠᠪᠬᠢ ᠶᠢᠨ ᠳᠤᠬᠢᠷᠠᠭᠤᠯᠤᠯᠳᠠ ᠵᠢᠴᠢ ᠳᠤᠬᠢᠷᠠᠭᠤᠯᠤᠯᠳᠠ ᠶᠢᠨ ᠪᠠᠶᠢᠳᠠᠯ︔      7᠂ ᠬᠦᠨᠳᠦ ᠶᠡᠭᠡ ᠬᠢᠵᠢᠭ ᠤᠨ ᠪᠠᠶᠢᠳᠠᠯ᠂ ᠭᠠᠮᠰᠢᠭ ᠤᠨ ᠪᠠᠶᠢᠳᠠᠯ ᠵᠢᠴᠢ ᠪᠤᠰᠤᠳ ᠭᠡᠨᠡᠳᠲᠡ ᠶᠢᠨ ᠬᠡᠷᠡᠭ ᠢ ᠤᠷᠢᠳᠴᠢᠯᠠᠨ ᠮᠡᠳᠡᠭᠡᠯᠡᠭᠰᠡᠨ᠂ ᠡᠭᠦᠰᠦᠭᠰᠡᠨ ᠵᠢᠴᠢ ᠰᠢᠢᠳᠪᠦᠷᠢᠯᠡᠭᠰᠡᠨ ᠪᠠᠶᠢᠳᠠᠯ︔      8᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ︔      9᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ᠂ ᠬᠢᠵᠠᠭᠠᠷᠯᠠᠭᠰᠠᠨ ᠪᠠᠷᠢᠮᠵᠢᠶ᠎ᠠ ᠪᠠ ᠬᠤᠳᠠᠯᠳᠤᠨ ᠠᠪᠤᠭᠰᠠᠨ ᠦᠷ᠎ᠡ ᠳ᠋ᠦᠩ︔      10᠂ ᠵᠠᠰᠠᠭ ᠵᠠᠬᠢᠷᠭᠠᠨ ᠤ ᠬᠥᠬᠢᠭᠦᠯᠦᠯ ᠵᠢᠴᠢ ᠠᠯᠪᠠᠲᠠᠨ ᠢ ᠰᠢᠯᠭᠠᠨ ᠡᠯᠰᠡᠬᠦ᠂ ᠡᠯᠰᠡᠨ ᠬᠡᠷᠡᠭᠯᠡᠬᠦ ᠵᠦᠢᠯᠡᠰ︔      11᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠣᠰᠣᠲᠠᠢ ᠪᠤᠰᠤᠳ ᠮᠡᠳᠡᠭᠡ ᠵᠠᠩᠭᠢ᠃      ︵ᠬᠤᠶᠠᠷ︶ ᠬᠠᠤᠯᠢ ᠪᠠᠷ ᠲᠣᠭᠲᠠᠭᠠᠭᠰᠠᠨ ᠡᠭᠦᠷᠭᠡ ᠴᠢᠳᠠᠪᠤᠷᠢ ᠶᠢᠨ ᠶᠣᠰᠣᠭᠠᠷ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠢᠯᠡ ᠪᠣᠯᠭᠠᠭᠰᠠᠨ ᠮᠡᠳᠡᠭᠡ ᠵᠠᠩᠭᠢ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠬᠥᠳᠡᠯᠦᠩᠭᠦᠶ ᠴᠢᠨᠠᠷᠲᠠᠶ ᠮᠡᠳᠡᠭᠡ ᠵᠠᠩᠭᠢ ᠶᠢᠨ ᠭᠠᠷᠴᠠᠭ ᠲᠤ ᠴᠠᠭ ᠲᠤᠨᠢ ᠲᠣᠬᠢᠷᠠᠭᠤᠯᠤᠯᠲᠠ ᠬᠢᠬᠦ ᠪᠠ  ᠰᠢᠨᠡᠳᠬᠡᠨ᠎ᠡ᠃      ︵ᠭᠤᠷᠪᠠ︶ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠪᠠᠶᠢᠭᠤᠯᠭ᠎ᠠ  ᠠᠴᠠ ᠤᠯᠬᠤ᠂ ᠪᠠᠶᠢᠴᠠᠭᠠᠨ ᠦᠵᠡᠬᠦ ᠴᠢᠬᠤᠯᠠᠲᠠᠶ ᠵᠠᠰᠠᠭ ᠤᠨ ᠣᠷᠳᠣᠨ ᠤ ᠪᠤᠰᠤᠳ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠵᠤ ᠪᠣᠯᠤᠨ᠎ᠠ᠃      ︵ᠳᠥᠷᠪᠡ︶ ᠲᠣᠰ ᠱᠠᠲᠤᠨ ᠤ ᠨᠠᠮ ᠤᠨ ᠬᠤᠷᠢᠶ᠎ᠠ᠂ ᠡᠷᠬᠡᠲᠦ ᠪᠠᠶᠢᠭᠤᠯᠭ᠎ᠠ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠲᠤᠷᠠᠭᠰᠠᠨ ᠬᠤᠷᠠᠯ ᠪᠠ ᠵᠠᠰᠠᠭ ᠤᠨ ᠣᠷᠳᠣᠨ ᠤ ᠠᠯᠪᠠᠨ ᠬᠡᠷ᠂ ᠬᠢᠨᠠᠨ ᠪᠠᠶᠢᠴᠠᠭᠠᠬᠤ ᠲᠣᠪᠴᠢᠶ᠎ᠠ ᠠᠴᠠ ᠲᠣᠭᠲᠠᠭᠠᠭᠰᠠᠨ ᠢᠯᠡ ᠪᠣᠯᠭᠠᠬᠤ ᠮᠡᠳᠡᠭᠡ ᠵᠠᠩᠭᠢ ᠶᠢ ᠡᠷᠬᠡᠪᠰᠢ ᠢᠯᠡ ᠪᠣᠯᠭᠠᠬᠤ ᠬᠡᠷᠡᠭᠲᠡᠶ᠃      ᠬᠤᠶᠠᠷ᠂ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠮᠠᠶ᠋ᠢᠭ      ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠣᠯᠳᠠᠭᠤ ᠳᠣᠣᠷᠠᠬᠢ ᠬᠡᠯᠪᠡᠷᠢ ᠪᠠᠷ ᠢᠯᠡ ᠪᠣᠯᠭᠠᠨ᠎ᠠ᠄      ︵ᠨᠢᠭᠡ︶ ︽ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠤ ᠠᠯᠪᠠᠨ ᠰᠦᠯᠵᠢᠶ᠎ᠡ︔      ︵ᠬᠤᠶᠠᠷ︶ ᠰᠦᠩᠱᠠᠨ ᠨᠡᠶᠢᠲᠡᠯᠡᠬᠦ᠂ ᠰᠦᠩᠱᠠᠨ ᠷᠠᠳᠢᠣ᠋ ᠬᠤᠷᠢᠶ᠎ᠠ ᠵᠡᠷᠭᠡ ᠰᠣᠨᠢᠨ ᠮᠡᠳᠡᠭᠡᠨ ᠤ ᠵᠠᠭᠤᠴᠢ ᠪᠣᠯᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠲᠣᠭᠲᠠᠮᠠᠯ ᠪᠡᠯᠡᠳᠬᠡᠮᠵᠢ ᠳᠣᠭᠢᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠢᠯᠡ ᠪᠣᠯᠭᠠᠨ᠎ᠠ᠃      ᠭᠤᠷᠪᠠ᠂ ᠮᠡᠳᠡᠭᠡ ᠵᠠᠩᠭᠢ ᠶᠢ ᠢᠯᠡ ᠪᠣᠯᠭᠠᠬᠤ ᠲᠠᠰ ᠳᠠᠷᠠᠭᠠᠯᠠᠯ      ︵ᠨᠢᠭᠡ︶ ᠢᠯᠡ ᠪᠣᠯᠭᠠᠭᠰᠠᠨ ᠮᠡᠳᠡᠭᠡ ᠵᠠᠩᠭᠢ ᠶᠢᠨ ᠳᠣᠲᠣᠷ᠎ᠠ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠴᠢᠬᠤᠯᠠ ᠶᠡᠭᠡ ᠠᠰᠢᠭ ᠲᠤᠰᠠ ᠳᠤ ᠨᠡᠶᠢᠳᠡᠮ ᠬᠤᠯᠪᠣᠭᠳᠠᠬᠤ ᠪᠤᠶᠤ ᠴᠢᠬᠤᠯᠠ ᠶᠡᠭᠡ ᠨᠡᠶᠢᠭᠡᠮ ᠤᠨ ᠨᠥᠯᠥᠭᠡ ᠲᠠᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠨᠡᠶᠢᠭᠡᠮ ᠨᠡᠶᠢᠲᠡ ᠳᠤ ᠨᠡᠶᠢᠲᠡᠯᠡᠨ᠎ᠡ᠃      ︵ᠬᠤᠶᠠᠷ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠷᠥᠯ ᠤᠨ ᠪᠤᠰᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠮᠡᠳᠡᠭᠡ ᠵᠠᠩᠭᠢ ᠪᠣᠶ ᠪᠣᠯᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠣᠯᠭᠠᠨ᠎ᠠ᠃      ︵ᠭᠤᠷᠪᠠ︶ ᠬᠤᠶᠠᠷ ᠠᠴᠠ ᠳᠡᠭᠡᠭᠰᠢᠬᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠤᠯᠪᠣᠭᠠᠯᠠᠨ ᠪᠦᠷᠢᠯᠳᠦᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠤᠯᠯᠠᠨ ᠡᠷᠭᠢᠯᠡᠬᠦ ᠰᠠᠯᠠᠭ᠎ᠠ ᠮᠥᠴᠢᠷ ᠠᠴᠠ ᠬᠠᠮᠲᠤᠷᠠᠨ ᠭᠦᠢᠴᠡᠳᠬᠡᠬᠦ  ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠵᠥᠪᠳᠡᠯᠴᠡᠵᠦ ᠭᠠᠷ ᠤᠨ ᠥᠰᠥᠭ ᠵᠢᠷᠤᠭᠰᠠᠨ ᠤ ᠳᠠᠷᠠᠭ᠎ᠠ ᠢᠯᠡ ᠪᠣᠯᠭᠠᠨ᠎ᠠ᠃      ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠪᠣᠯᠭᠠᠬᠤ ᠶᠢ ᠵᠥᠪᠳᠡᠯᠴᠡᠭᠡᠳ ᠰᠠᠨᠠᠯ ᠨᠢᠭᠡᠳᠴᠦ ᠳᠡᠶᠢᠯᠬᠦ ᠥᠬᠡᠶ ᠪᠠᠶᠢᠪᠠᠯ᠂ ᠭᠤᠤᠯᠴᠢᠯᠠᠨ ᠭᠦᠢᠴᠡᠳᠬᠡᠬᠦ ᠰᠠᠯᠠᠭ᠎ᠠ ᠮᠥᠴᠢᠷ ᠨᠢ ᠴᠠᠭ ᠲᠤᠬᠠᠶ ᠳᠤᠨᠢ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠵᠦ ᠬᠢᠨᠠᠨ ᠲᠡᠰᠦᠯᠦᠨ ᠲᠣᠭᠲᠠᠭᠠᠯᠭᠠᠬᠤ ᠬᠡᠷᠡᠭᠲᠡᠶ᠃      ︵ᠳᠥᠷᠪᠡ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠲᠣᠭᠤᠷᠢᠭ ᠤᠨ ᠵᠠᠰᠠᠭ ᠤᠨ ᠣᠷᠳᠣᠨ ᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠴᠠ ᠭᠠᠳᠠᠨᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠴᠢᠬᠤᠯᠠ ᠲᠠᠢ ᠪᠣᠯ ᠭᠤᠶᠤᠴᠢᠯᠠᠯ ᠢᠶᠠᠨ ᠳᠤᠷᠠᠳᠴᠤ ᠪᠣᠯᠤᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠬᠠᠤᠯᠢ ᠲᠦᠷᠢᠮ ᠤᠨ ᠮᠡᠳᠡᠭᠡ ᠵᠠᠩᠭᠢ ᠶᠢᠨ ᠲᠠᠰᠤᠭ ᠨᠢ ᠲᠣᠰ ᠮᠡᠳᠡᠭᠡ ᠵᠠᠩᠭᠢ ᠶᠢ ᠡᠵᠡᠮᠰᠢᠭᠰᠡᠨ ᠪᠣᠳᠠᠲᠠᠶ ᠪᠠᠶᠢᠳᠠᠯ ᠢ ᠦᠨᠳᠦᠰᠦᠯᠡᠨ ᠬᠠᠩᠭᠠᠬᠤ ᠬᠡᠷᠡᠭᠲᠡᠶ᠃      1᠂ ᠬᠦᠯᠢᠶᠡᠨ ᠠᠪᠬᠤ ᠪᠠᠶᠢᠭᠤᠯᠤᠮᠵᠢ᠃ ᠲᠣᠭᠤᠷᠢᠭ ᠤᠨ ᠵᠠᠰᠠᠭ ᠤᠨ ᠣᠷᠳᠣᠨ 2008 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠵᠢᠩᠬᠢᠨᠢ ᠪᠠᠷ ᠭᠥᠯᠢᠶᠡᠨ ᠠᠪᠴᠤ ᠰᠢᠢᠳᠪᠦᠷᠢᠯᠡᠪᠡ᠂ ᠰᠦᠯᠵᠢᠶᠡᠨ ᠭᠠᠳᠠᠨᠠᠬᠢ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠪᠣᠯ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠪᠣᠯᠤᠨ᠎ᠠ᠂ ᠬᠠᠶ᠋ᠢᠭ᠄ ᠰᠥᠩ ᠪᠸᠢ ᠰᠢᠨ᠎ᠡ ᠬᠤᠲᠠ ᠶᠢᠨ ᠪᠠᠶ ᠯᠢᠦ ᠵᠠᠮ ᠤᠨ ᠪᠠᠷᠠᠭᠤᠨ᠂ ᠰᠥᠩ ᠶᠤᠸᠠᠢ ᠵᠡᠭᠡᠯᠢ ᠶᠢᠨ ᠡᠮᠦᠨᠡᠬᠢ ᠠᠭᠤᠯᠵᠠᠷ ᠤᠨ ᠭᠠᠵᠠᠷ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠤᠨ ᠳᠥᠷᠪᠡᠳᠦᠭᠡᠷ ᠳᠠᠪᠬᠤᠷᠯᠢᠭ᠂ ᠠᠵᠢᠯᠯᠠᠬᠤ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠥᠬᠡᠶ︶᠂ ᠡᠳᠦᠷ ᠪᠦᠷᠢ ᠶᠢᠨ 8᠄ 30 — 12᠄ 00᠂ 14᠄ 30 — 17᠄ 30︔ ᠬᠠᠷᠢᠯᠴᠠᠬᠤ ᠤᠲᠠᠰᠤ᠄ 0476-8469099᠂ ᠰᠢᠦᠳᠠᠨ ᠨᠣᠮᠧᠷ ᠨᠢ 024005᠂ ᠰᠦᠯᠵᠢᠶᠡᠨ ᠳᠡᠭᠡᠷᠡᠬᠢ ᠬᠦᠯᠢᠶᠡᠨ ᠠᠪᠬᠤ ᠡᠯᠧᠺᠲᠷᠣᠨ ᠰᠢᠦᠳᠠᠨ ᠬᠠᠶᠢᠷᠴᠠᠭ ᠤᠨ ᠬᠠᠶ᠋ᠢᠭ᠄ 769973513@qq.com᠃      2᠂ ᠭᠤᠶᠤᠴᠢᠯᠠᠬᠤ ᠬᠡᠯᠪᠡᠷᠢ᠃ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠡ ᠵᠠᠩᠭᠢ ᠤᠯᠬᠤ ᠭᠤᠶᠤᠴᠢᠯᠠᠯ ᠭᠠᠷᠭᠠᠪᠠᠯ᠂ ︽ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ︵ᠬᠦᠰᠦᠨᠦᠭᠲᠦ ᠶᠢ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠠᠴᠠ ᠪᠠᠭᠤᠯᠭᠠᠷᠠᠢ︶ ᠶᠢ ᠲᠠᠭᠯᠠᠭᠠᠷᠠᠶ᠃ ᠭᠤᠶᠤᠴᠢᠯᠠᠯ ᠤᠨ ᠬᠦᠰᠦᠨᠦᠭᠲᠦ ᠶᠢ ᠪᠠᠭᠤᠯᠭᠠᠬᠤ ᠨᠢ ᠬᠦᠴᠦᠨ ᠲᠠᠢ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠠᠴᠠ ᠠᠪᠴᠤ ᠪᠣᠯᠤᠨ᠎ᠠ᠂ ᠲᠤᠰ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠠᠴᠠ ᠪᠠᠭᠤᠯᠭᠠᠨ ᠠᠪᠤᠭᠰᠠᠨ ᠴᠤ ᠪᠣᠯᠤᠨ᠎ᠠ᠃ ᠳᠣᠣᠷᠠᠬᠢ ᠠᠷᠭ᠎ᠠ ᠮᠠᠶ᠋ᠢᠭ ᠢᠶᠠᠷ ᠭᠤᠶᠤᠴᠢᠯᠠᠯ ᠭᠠᠷᠭᠠᠵᠤ ᠪᠣᠯᠤᠨ᠎ᠠ᠄      ︵1︶ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠭᠤᠶᠤᠴᠢᠯᠠᠯ ᠭᠠᠷᠭᠠᠬᠤ᠃ ᠭᠤᠶᠤᠴᠢᠯᠠᠭᠴᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠡᠯᠧᠺᠲᠷᠣᠨ ᠬᠡᠪᠯᠡᠯ ᠤᠨ ︽ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ ᠪᠣᠯᠤᠨ᠎ᠠ᠂ ᠪᠣᠳᠠᠲᠠᠶ ᠰᠦᠯᠵᠢᠶᠡᠨ ᠤ ᠬᠠᠶ᠋ᠢᠭ ᠨᠢ http://www.ssq.gov.cn/zwgk/jbxxgk/zfxxgknr//gk=0︔ ᠭᠤᠶᠤᠴᠢᠯᠠᠭᠴᠢ ︽ᠭᠤᠶᠤᠴᠢᠯᠠᠯ ᠤᠨ ᠬᠦᠰᠦᠨᠦᠭᠲᠦ︾ ᠶᠢ ᠲᠠᠭᠯᠠᠭᠰᠠᠨ ᠤ ᠳᠠᠷᠠᠭ᠎ᠠ ᠰᠦᠯᠵᠢᠶ᠎ᠡ ᠪᠠᠷ ᠶᠠᠪᠤᠭᠤᠯᠪᠠᠯ ᠪᠣᠯᠴᠢᠬᠠᠨ᠎ᠠ᠃      ︵2︶ ᠵᠠᠬᠢᠳᠠᠯ᠂ ᠴᠠᠬᠢᠯᠭᠠᠨ ᠮᠡᠳᠡᠭᠡ᠂ ᠳᠦᠷᠰᠦ ᠨᠡᠪᠲᠡᠷᠡᠭᠦᠯᠭᠡ ᠶᠢᠨ ᠭᠤᠶᠤᠴᠢᠯᠠᠯ᠃ ᠭᠤᠶᠤᠴᠢᠯᠠᠭᠴᠢ ᠨᠢ ᠵᠠᠬᠢᠳᠠᠯ ᠤᠨ ᠬᠡᠯᠪᠡᠷᠢ ᠪᠠᠷ ᠭᠤᠶᠤᠴᠢᠯᠠᠯ ᠢᠶᠠᠨ ᠳᠤᠷᠠᠳᠪᠠᠯ᠂ ᠵᠠᠬᠢᠳᠠᠯ ᠤᠨ ᠳᠤᠭᠲᠤᠢ ᠶᠢᠨ ᠵᠡᠭᠦᠨ ᠳᠣᠤᠷ᠎ᠠ ᠥᠨᠴᠥᠭ ᠲᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠥᠰᠥᠭ ᠢ ᠲᠣᠳᠣᠷᠬᠠᠶᠢᠯᠠᠭᠠᠷᠠᠶ︔ ᠭᠤᠶᠤᠴᠢᠯᠠᠭᠴᠢ ᠨᠢ ᠴᠠᠬᠢᠯᠭᠠᠨ ᠮᠡᠳᠡᠭᠡ᠂ ᠳᠦᠷᠰᠦᠲᠦ ᠴᠠᠬᠢᠯᠭᠠᠨ ᠮᠡᠳᠡᠭᠡ ᠶᠢᠨ ᠠᠷᠭ᠎ᠠ ᠮᠠᠶ᠋ᠢᠭ ᠢᠶᠠᠷ ᠭᠤᠶᠤᠴᠢᠯᠠᠯ ᠢᠶᠠᠨ ᠳᠤᠷᠠᠳᠪᠠᠯ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠬᠦ ᠥᠰᠥᠭ ᠢ ᠵᠣᠬᠢᠴᠠᠩᠭᠤᠶ ᠪᠠᠷ ᠲᠣᠳᠣᠷᠬᠠᠶᠢᠯᠠᠭᠠᠷᠠᠶ᠃      ︵3︶ ᠨᠢᠭᠤᠷᠳᠡᠨ ᠭᠤᠶᠤᠴᠢᠯᠠᠬᠤ᠃ ᠭᠤᠶᠤᠴᠢᠯᠠᠭᠴᠢ ᠨᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠲᠡᠨᠳᠡ ᠬᠦᠷᠴᠦ ᠲᠤᠬᠠᠶ ᠶᠢᠨ ᠭᠠᠵᠠᠷ ᠲᠤᠨᠢ ᠭᠤᠶᠤᠴᠢᠯᠠᠯ ᠭᠠᠷᠭᠠᠵᠤ ᠪᠣᠯᠤᠨ᠎ᠠ᠃      ︵4︶ ᠣᠨᠴᠠᠭᠠᠶ ᠵᠢᠷᠤᠮ᠃ ᠭᠤᠶᠤᠴᠢᠯᠠᠭᠴᠢ ᠥᠪᠡᠷ ᠤᠨ ᠪᠡᠶ᠎ᠡ ᠲᠠᠢ ᠪᠠᠨ ᠬᠤᠯᠪᠣᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠬᠤ ᠳᠤ ᠬᠦᠷᠪᠡᠯ᠂ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠳᠤ ᠪᠢᠴᠢᠭ ᠤᠨ ᠭᠤᠶᠤᠴᠢᠯᠠᠯ ᠳᠡᠪᠰᠢᠭᠦᠯᠬᠦ ᠬᠡᠷᠡᠭᠲᠡᠶ᠃      ᠲᠣᠭᠤᠷᠢᠭ ᠤᠨ ᠵᠠᠰᠠᠭ ᠤᠨ ᠣᠷᠳᠣᠨ ᠳ᠋ᠢᠶᠠᠩᠬᠤᠸᠠ ᠶᠢᠨ ᠬᠡᠯᠪᠡᠷᠢ ᠪᠠᠷ ᠳᠤᠷᠠᠳᠤᠭᠰᠠᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠂ ᠭᠡᠪᠡᠴᠦ ᠭᠤᠶᠤᠴᠢᠯᠠᠭᠴᠢ ᠨᠢ ᠳ᠋ᠢᠶᠠᠩᠬᠤᠸᠠ ᠪᠠᠷ ᠳᠠᠮᠵᠢᠭᠤᠯᠤᠨ ᠵᠣᠬᠢᠴᠠᠩᠭᠤᠶ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠠᠰᠠᠭᠤᠨ ᠯᠠᠪᠯᠠᠵᠤ ᠪᠣᠯᠤᠨ᠎ᠠ᠃      3᠂  ᠰᠢᠢᠳᠪᠦᠷᠢᠯᠡᠭᠦᠯᠬᠦ ᠪᠠᠷ ᠭᠤᠶᠤᠴᠢᠯᠠᠬᠤ᠃ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠯ ᠳᠤ ᠬᠠᠷᠢᠭᠤᠯᠲᠠ ᠥᠭᠭᠦᠨ᠎ᠡ᠃ ᠬᠠᠷᠢᠭᠤᠯᠲᠠ ᠥᠭᠬᠦ ᠬᠤᠭᠤᠴᠠᠭ᠎ᠠ ᠶᠢ ᠦᠨᠡᠬᠡᠷ ᠤᠷᠲᠤᠳᠬᠠᠬᠤ ᠴᠢᠬᠤᠯᠠ ᠲᠠᠢ ᠪᠣᠯ ᠭᠤᠶᠤᠴᠢᠯᠠᠭᠴᠢ ᠳᠤ ᠮᠡᠳᠡᠭᠳᠡᠨ᠎ᠡ᠃ ᠤᠷᠲᠤᠳᠬᠠᠵᠤ ᠬᠠᠷᠢᠭᠤᠯᠲᠠ ᠥᠭᠬᠦ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 20 ᠠᠵᠢᠯ ᠤᠨ ᠡᠳᠦᠷ ᠠᠴᠠ ᠬᠡᠲᠦᠷᠡᠭᠦᠯᠵᠦ ᠪᠣᠯᠬᠤ ᠤᠢᠭᠡᠢ᠃ ᠭᠤᠶᠤᠴᠢᠯᠠᠯ ᠢ ᠣᠯᠤᠭᠰᠠᠨ ᠡᠮᠦᠨ᠎ᠡ ᠬᠤᠶᠢᠨᠠᠬᠢ ᠳᠡᠰ ᠳᠠᠷᠠᠭᠠᠯᠠᠯ ᠢ ᠦᠨᠳᠦᠰᠦᠯᠡᠨ ᠭᠤᠶᠤᠴᠢᠯᠠᠯ ᠢ ᠰᠢᠢᠳᠪᠦᠷᠢᠯᠡᠨ᠎ᠡ᠂ ᠭᠠᠭᠴᠠ ᠵᠦᠢᠯ ᠤᠨ ᠭᠤᠶᠤᠴᠢᠯᠠᠯ ᠳᠤ ᠬᠠᠮᠲᠤ ᠳᠤᠨᠢ ᠬᠡᠳᠦᠨ ᠵᠦᠢᠯ ᠤᠨ ᠲᠤᠰᠠᠭᠠᠷ ᠭᠤᠶᠤᠴᠢᠯᠠᠯ ᠭᠠᠷᠭᠠᠭᠰᠠᠨ ᠪᠠᠶᠢᠪᠠᠯ᠂ ᠪᠦᠬᠦᠨ ᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠨᠢᠭᠡᠳᠦᠯᠲᠡᠶ ᠬᠠᠷᠢᠭᠤᠯᠲᠠ ᠥᠭᠭᠦᠨ᠎ᠡ᠃ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠳᠤ ᠠᠳᠠᠯᠢ ᠪᠤᠰᠤ ᠭᠤᠶᠤᠴᠢᠯᠠᠯ ᠤᠨ ᠲᠤᠬᠠᠶ ᠲᠣᠰ ᠲᠣᠰ ᠭᠤᠶᠤᠴᠢᠯᠠᠬᠤ ᠶᠢ ᠰᠠᠨᠠᠭᠤᠯᠵᠤ ᠪᠠᠶᠢᠨ᠎ᠠ ᠃ ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠬᠤ ᠴᠢᠬᠤᠯᠠ ᠨᠥᠬᠦᠴᠡᠯ ᠨᠢ ᠪᠦᠷᠢᠨ ᠪᠤᠰᠤ᠂ ᠣᠨᠣᠪᠴᠢ ᠦᠭᠡᠢ ᠪᠠᠶᠢᠵᠤ᠂ ᠪᠣᠳᠠᠲᠠᠶ ᠮᠡᠳᠡᠭᠡ ᠵᠠᠩᠭᠢ ᠶᠢᠨ ᠠᠭᠤᠯᠭ᠎ᠠ ᠶᠢ ᠲᠣᠭᠲᠠᠭᠠᠬᠤ ᠳᠤ ᠪᠡᠷᠬᠡᠲᠡᠶ ᠪᠠᠶᠢᠪᠠᠯ᠂ ᠲᠤᠰ ᠪᠠᠶᠢᠭᠤᠯᠭ᠎ᠠ ᠠᠴᠠ ᠭᠤᠶᠤᠴᠢᠯᠠᠭᠴᠢ ᠶᠢ ᠨᠥᠬᠦᠪᠥᠷᠢᠯᠡᠬᠦ ᠪᠤᠶᠤ ᠵᠠᠯᠠᠷᠠᠭᠤᠯᠤᠭᠤᠯᠬᠤ ᠪᠠᠷ ᠱᠠᠭᠠᠷᠳᠠᠨ᠎ᠠ᠃ ᠪᠣᠳᠠᠲᠠᠶ ᠬᠠᠷᠢᠭᠤᠯᠲᠠ ᠥᠭᠬᠦ ᠠᠷᠭ᠎ᠠ ᠮᠠᠶ᠋ᠢᠭ ᠨᠢ ᠳᠣᠣᠷᠠᠬᠢ ᠮᠡᠲᠦ᠄      ︵1︶ ᠤᠯᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠨᠢ ᠬᠡᠷᠪᠡ ᠲᠣᠭᠤᠷᠢᠭ ᠤᠨ ᠵᠠᠰᠠᠭ ᠤᠨ ᠣᠷᠳᠣᠨ ᠤ ᠨᠢᠭᠡᠨᠲᠡ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠠᠴᠠ ᠭᠤᠶᠤᠴᠢᠯᠠᠯ ᠢ ᠭᠥᠯᠢᠶᠡᠨ ᠠᠪᠬᠤ ᠲᠠᠰ ᠳᠠᠷᠠᠭᠠᠯᠠᠯ ᠢᠶᠠᠨ ᠵᠣᠭᠰᠣᠭᠠᠵᠤ᠂ ᠭᠤᠶᠤᠴᠢᠯᠠᠭᠴᠢ ᠳᠤ ᠮᠡᠳᠡᠭᠡ ᠵᠠᠩᠭᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠮᠡᠳᠡᠭᠳᠡᠨ᠎ᠡ᠃      ︵2︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠨᠢᠭᠡ ᠬᠡᠰᠡᠭ ᠢ ᠨᠢ ᠢᠯᠡ ᠪᠣᠯᠭᠠᠬᠤ ᠪᠤᠶᠤ ᠢᠯᠡ  ᠪᠤᠯᠭᠠᠵᠤ ᠪᠤᠯᠬᠤ ᠦᠭᠡᠶ ᠪᠠᠶᠢᠪᠠᠯ᠂ ᠭᠤᠶᠤᠴᠢᠯᠠᠭᠴᠢ ᠳᠤ ᠤᠴᠢᠷ ᠰᠢᠯᠲᠠᠭᠠᠨ ᠢ ᠨᠢ ᠮᠡᠳᠡᠭᠳᠡᠨ᠎ᠡ᠃      ︵3︶ ᠲᠣᠭᠤᠷᠢᠭ ᠤᠨ ᠵᠠᠰᠠᠭ ᠤᠨ ᠣᠷᠳᠣᠨ ᠤ ᠢᠯᠡ ᠪᠣᠯᠭᠠᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠥᠬᠡᠶ ᠪᠤᠶᠤ ᠲᠣᠰ ᠮᠡᠳᠡᠭᠡ ᠵᠠᠩᠭᠢ ᠣᠷᠣᠰᠢᠬᠤ ᠥᠬᠡᠶ ᠪᠠᠶᠢᠪᠠᠯ᠂ ᠭᠤᠶᠤᠴᠢᠯᠠᠭᠴᠢ ᠳᠤ ᠴᠠᠭ ᠲᠤᠬᠠᠶ ᠳᠤᠨᠢ ᠮᠡᠳᠡᠭᠳᠡᠨ᠎ᠡ᠃      ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠥᠷᠥ ᠠᠯᠪᠠᠨ ᠵᠠᠬᠢᠳᠠᠯ ﹇2020﹈ 109  ᠳ᠋ᠦ᠋ᠭᠡᠷ ᠲᠣᠭᠠᠲᠤ ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠠᠵᠢᠯᠯᠠᠭ᠎ᠠ ᠳᠤ ᠪᠦᠲᠦᠮᠵᠢᠲᠡᠶ ᠲᠣᠬᠢᠷᠠᠭᠤᠯᠤᠯᠲᠠ ᠬᠢᠵᠦ᠂ ᠭᠤᠶᠤᠴᠢᠯᠠᠭᠴᠢ ᠶᠢᠨ ᠡᠷᠬᠡ ᠠᠰᠢᠭ ᠢᠶᠠᠨ ᠵᠦᠶ ᠵᠣᠬᠢᠰᠲᠠᠶ ᠬᠡᠷᠡᠭᠵᠢᠭᠦᠯᠬᠦ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠵᠣᠬᠢᠬᠤ ᠲᠤᠭ᠎ᠠ ᠬᠡᠮᠵᠢᠶ᠎ᠡ ᠪᠤᠶᠤ ᠤᠳᠠᠭ᠎ᠠ ᠶᠢᠨ ᠬᠡᠪᠴᠢᠶᠡᠨ ᠠᠴᠠ ᠬᠡᠲᠦᠷᠡᠭᠰᠡᠨ ᠭᠤᠶᠤᠴᠢᠯᠠᠭᠴᠢ ᠠᠴᠠ ᠰᠦᠢᠳᠬᠡᠯ ᠬᠤᠷᠢᠶᠠᠵᠤ ᠪᠣᠯᠤᠨ᠎ᠠ᠃      ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠡ ᠵᠠᠩᠭᠢ ᠰᠢᠢᠳᠪᠦᠷᠢᠯᠡᠬᠦ ᠵᠠᠷᠤᠳᠠᠯ ᠬᠤᠷᠢᠶᠠᠬᠤ ᠪᠠᠷ ᠬᠠᠤᠯᠢ ᠶᠣᠰᠣᠭᠠᠷ ᠲᠣᠭᠲᠠᠭᠠᠭᠰᠠᠨ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠬᠤᠭᠤᠴᠠᠭᠠᠨ ᠳᠤ᠂ ᠭᠤᠶᠤᠴᠢᠯᠠᠭᠴᠢ ᠶᠢᠨ ᠮᠡᠳᠡᠭᠡ ᠵᠠᠩᠭᠢ ᠤᠯᠬᠤ ᠠᠷᠭ᠎ᠠ ᠵᠠᠮ ᠢᠶᠠᠷ ᠭᠤᠶᠤᠴᠢᠯᠠᠭᠴᠢ ᠳᠤ ᠵᠠᠷᠤᠳᠠᠯ ᠬᠤᠷᠢᠶᠠᠬᠤ ᠮᠡᠳᠡᠭᠳᠡᠯ ᠶᠠᠪᠤᠭᠤᠯᠵᠤ᠂ ᠵᠠᠷᠤᠳᠠᠯ ᠬᠤᠷᠢᠶᠠᠬᠤ ᠦᠨᠳᠦᠰᠦᠯᠡᠯ᠂ ᠪᠠᠷᠢᠮᠵᠢᠶ᠎ᠠ᠂ ᠲᠤᠭ᠎ᠠ ᠬᠡᠮᠵᠢᠶ᠎ᠡ᠂ ᠲᠤᠰᠢᠶᠠᠬᠤ ᠠᠷᠭ᠎ᠠ ᠮᠠᠶ᠋ᠢᠭ ᠵᠡᠷᠭᠡ ᠪᠠᠨ ᠲᠣᠳᠣᠷᠬᠠᠶᠢᠯᠠᠬᠤ ᠬᠡᠷᠡᠭᠲᠡᠶ᠃ ᠭᠤᠶᠤᠴᠢᠯᠠᠭᠴᠢ ᠨᠢ ᠰᠦᠢᠳᠬᠡᠯ ᠬᠤᠷᠢᠶᠠᠬᠤ ᠮᠡᠳᠡᠭᠳᠡᠯ ᠢ ᠣᠯᠤᠭᠰᠠᠨ ᠤ ᠳᠠᠷᠠᠭ᠎ᠠ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠰᠦᠢᠳᠬᠡᠯ ᠲᠤᠰᠢᠶᠠᠬᠤ ᠬᠡᠷᠡᠭᠲᠡᠶ᠂ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠥᠬᠡᠶ ᠪᠣᠯ ᠭᠤᠶᠤᠴᠢᠯᠠᠯ ᠢᠶᠠᠨ ᠬᠠᠶᠠᠭᠰᠠᠨ ᠢᠶᠠᠷ ᠦᠵᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠭᠢᠵᠤ ᠰᠢᠢᠳᠪᠦᠷᠢᠯᠡᠬᠦ ᠥᠬᠡᠶ᠃      ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠬᠤᠭᠤᠴᠠᠭ᠎ᠠ ᠶᠢ ᠭᠤᠶᠤᠴᠢᠯᠠᠭᠴᠢ ᠶᠢᠨ ᠰᠦᠢᠳᠬᠡᠯ ᠲᠤᠰᠢᠶᠠᠭᠰᠠᠨ ᠤ ᠳᠠᠷᠠᠭ᠎ᠠ ᠡᠳᠦᠷ ᠠᠴᠠ ᠡᠬᠢᠯᠡᠨ ᠳᠠᠭᠢᠵᠤ ᠪᠤᠳᠤᠨ᠎ᠠ᠃      ︵ᠲᠠᠪᠤ︶ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯ ᠶᠢ ᠭᠦᠢᠴᠡᠳ ᠪᠣᠰᠤ᠂ ᠣᠨᠣᠪᠴᠢ ᠦᠭᠡᠢ᠂ ᠦᠨᠡᠨ ᠪᠣᠲᠠᠲᠠᠢ ᠪᠢᠰᠢ ᠭᠡᠵᠦ ᠦᠵᠡᠵᠦ ᠪᠠᠶᠢᠪᠠᠯ᠂ ᠬᠠᠯᠠᠵᠦ ᠥᠭᠡᠷᠡᠴᠢᠯᠡᠬᠦ ᠶᠢ ᠱᠠᠭᠠᠷᠳᠠᠬᠤ ᠡᠷᠬᠡ ᠲᠠᠢ᠂ ᠲᠤᠭᠤᠷᠢᠭ ᠤᠨ ᠵᠠᠰᠠᠭ ᠤᠨ ᠣᠷᠲᠦᠨ ᠨᠢ ᠥᠭᠡᠷᠡᠴᠢᠯᠡᠬᠦ ᠡᠷᠬᠡ ᠦᠭᠡᠢ ᠪᠠᠶᠢᠳᠠᠯ ᠤᠨ ᠳᠤᠤᠷ᠎ᠠ᠂ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ ᠳᠤ ᠰᠢᠯᠵᠢᠭᠦᠯᠦᠨ ᠥᠭᠴᠦ ᠰᠢᠢᠳᠪᠦᠷᠢᠯᠡᠭᠦᠯᠬᠦ ᠪᠦᠭᠡᠳ ᠱᠠᠭᠠᠷᠳᠤᠯᠭ᠎ᠠ ᠲᠤᠷᠠᠳᠤᠭᠰᠠᠨ ᠬᠦᠮᠦᠨ ᠳᠤ ᠮᠡᠳᠡᠭᠳᠡᠨ᠎ᠡ᠃      ᠳᠥᠷᠪᠡ᠂ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ      ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠥᠷᠥ ᠠᠯᠪᠠᠨ ᠵᠠᠬᠢᠳᠠᠯ ︹2020︺109 ᠳ᠋ᠦ᠋ᠭᠡᠷ ᠲᠣᠭᠠᠲᠤ ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠲᠣᠭᠤᠷᠢᠭ ᠤᠨ ᠡᠳ᠋ ᠤᠨ ᠵᠠᠰᠠᠭ ᠤᠨ ᠲᠢᠩᠬᠢᠮ   ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠲᠣᠳᠣᠷᠬᠠᠶᠢᠯᠠᠬᠤ ᠲᠤᠬᠠᠶ ᠮᠡᠳᠡᠭᠳᠡᠯ︾ ︵ᠥᠪᠥᠷ ᠡᠳ᠋ ᠤᠨ ᠵᠠᠰᠠᠭ ᠭᠠᠶᠢᠯᠢ ︹2021︺785 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠪᠣᠳᠠᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠨᠢ ᠳᠣᠤᠷᠠᠬᠢ ᠮᠡᠲᠦ᠄       ᠲᠤᠭ᠎ᠠ ᠪᠠᠷ ᠪᠤᠳᠤᠵᠤ ᠬᠤᠷᠢᠶᠠᠬᠤ ᠳᠤ ᠳᠣᠤᠷᠠᠬᠢ ᠮᠡᠲᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠄      1.ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠳᠡ 10 ᠬᠤᠪᠢ ᠠᠴᠠ ᠳᠣᠭᠤᠭᠰᠢ ︵10 ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠪᠠᠶᠢᠪᠠᠯ᠂ ᠰᠦᠢᠳᠬᠡᠯ ᠬᠤᠷᠢᠶᠠᠬᠤ ᠦᠭᠡᠢ᠃      2. ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠲᠡ 11 — 30 ᠬᠤᠪᠢ ︵30 ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠬᠡᠰᠡᠭ ᠠᠴᠠ 100 ᠲᠥᠭᠦᠷᠢᠭ \ ᠬᠤᠪᠢ᠃      3. ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠲᠡ 31 ᠬᠤᠪᠢ ᠠᠴᠠ ᠳᠡᠭᠡᠭᠰᠢ ᠭᠤᠶᠤᠴᠢᠯᠠᠭᠰᠠᠨ ᠬᠡᠰᠡᠭ ᠠᠴᠠ 10 ᠬᠤᠪᠢ ᠶᠢ ᠨᠢᠭᠡ ᠳᠡᠰ ᠪᠣᠯᠭᠠᠵᠤ᠂ ᠨᠢᠭᠡ ᠳᠡᠰ ᠨᠡᠮᠡᠬᠦ ᠪᠦᠷᠢ ᠰᠦᠢᠳᠬᠡᠯ ᠬᠤᠷᠢᠶᠠᠬᠤ ᠪᠠᠷᠢᠮᠵᠢᠶ᠎ᠠ ᠶᠢ 100 ᠲᠥᠭᠦᠷᠢᠭ \ ᠲᠤᠭ᠎ᠠ ᠢᠶᠠᠷ ᠳᠡᠭᠡᠭᠰᠢᠯᠡᠭᠦᠯᠦᠨ᠎ᠡ᠃      ᠬᠡᠮᠵᠢᠶ᠎ᠡ ᠪᠠᠷ ᠪᠤᠳᠤᠵᠤ ᠬᠤᠷᠢᠶᠠᠬᠤ ᠳᠤ ᠳᠣᠤᠷ᠎ᠠ ᠵᠢᠭᠰᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠄      1.30 ᠨᠢᠭᠤᠷ ᠠᠴᠠ ᠳᠣᠷᠣᠭᠰᠢ ︵30 ᠨᠢᠭᠤᠷ ᠢ ᠪᠠᠭᠲᠠᠭᠠᠨ᠎ᠠ︶ ᠪᠣᠯ ᠰᠦᠢᠳᠬᠡᠯ ᠬᠤᠷᠢᠶᠠᠬᠤ ᠦᠭᠡᠢ᠃      2.31 — 100 ᠨᠢᠭᠤᠷ ︵100 ᠨᠢᠭᠤᠷ ᠪᠠᠭᠲᠠᠨ᠎ᠠ︶ ᠤᠨ ᠬᠡᠰᠡᠭ ᠠᠴᠠ 10 ᠲᠥᠭᠦᠷᠢᠭ \ ᠨᠢᠭᠤᠷ       3.101 — 200 ᠨᠢᠭᠤᠷ ︵200 ᠨᠢᠭᠤᠷ ᠢ ᠪᠠᠭᠲᠠᠭᠠᠨ᠎ᠠ︶ ᠤᠨ ᠬᠡᠰᠡᠭ ᠠᠴᠠ 20 ᠲᠥᠭᠦᠷᠢᠭ \ ᠨᠢᠭᠤᠷ᠃      4.201 ᠨᠢᠭᠤᠷ ᠠᠴᠠ ᠳᠡᠭᠡᠭᠰᠢᠬᠢ ᠬᠡᠰᠡᠭ ᠠᠴᠠ 40 ᠲᠥᠭᠦᠷᠢᠭ \ ᠨᠢᠭᠤᠷ᠃      ᠲᠠᠪᠤ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠬᠦᠴᠦᠨ      ︵ᠨᠢᠭᠡ︶ ᠲᠣᠭᠤᠷᠢᠭ ᠤᠨ ᠵᠠᠰᠠᠭ ᠤᠨ ᠣᠷᠳᠣᠨ ᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠪᠢᠴᠢᠭ ᠮᠠᠲ᠋ᠧᠷᠢᠶᠠᠯ ᠤᠨ ᠲᠥᠰᠦᠯ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠨᠢ ᠵᠢᠩᠬᠢᠨᠢ  ᠮᠠᠲ᠋ᠧᠷᠢᠶᠠᠯ ᠪᠦᠷᠢᠯᠳᠦᠬᠦ ᠠᠴᠠ ᠡᠮᠦᠨ᠎ᠡ ᠵᠠᠰᠠᠭ ᠵᠠᠬᠢᠷᠭᠠᠨ ᠤ ᠬᠦᠴᠦᠨ ᠥᠬᠡᠶ ᠪᠠᠶᠢᠵᠤ᠂ ᠵᠥᠪᠬᠡᠨ ᠣᠯᠠᠨ ᠨᠡᠶᠢᠲᠡ ᠶᠢᠨ ᠶᠠᠷᠢᠯᠴᠠᠭ᠎ᠠ ᠪᠠ ᠵᠠᠰᠠᠪᠤᠷᠢ ᠣᠷᠣᠭᠤᠯᠤᠯᠲᠠ ᠳᠤ ᠣᠷᠣᠯᠴᠠᠬᠤ ᠳᠤ ᠬᠠᠩᠭᠠᠨ᠎ᠠ᠃      ︵ᠬᠤᠶᠠᠷ︶ ᠲᠣᠭᠤᠷᠢᠭ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠬᠢᠭᠡᠳ ᠪᠤᠰᠤᠳ ᠨᠡᠶᠢᠳᠡᠮ ᠬᠢᠵᠠᠭᠠᠷᠯᠠᠬᠤ ᠬᠦᠴᠦᠨ ᠲᠠᠢ ᠪᠢᠴᠢᠭ ᠮᠠᠲ᠋ᠧᠷᠢᠶᠠᠯ ᠨᠢ ᠨᠡᠶᠢᠭᠡᠮ ᠳᠤ ᠢᠯᠡ ᠪᠣᠯᠭᠠᠭᠰᠠᠨ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠵᠠᠰᠠᠭ ᠵᠠᠬᠢᠷᠭᠠᠨ ᠤ ᠬᠦᠴᠦᠨ ᠲᠠᠢ ᠪᠣᠯᠤᠨ᠎ᠠ᠃      ᠬᠠᠤᠯᠢ ᠶᠣᠰᠣᠭᠠᠷ ᠨᠡᠶᠢᠭᠡᠮ ᠨᠡᠶᠢᠲᠡ ᠳᠤ ᠢᠯᠡ ᠪᠣᠯᠭᠠᠬᠤ ᠶᠣᠰᠣᠲᠠᠶ ᠪᠠᠶᠢᠲᠠᠯ᠎ᠠ ᠢᠯᠡ ᠪᠣᠯᠭᠠᠭᠠᠳᠤᠶ ᠪᠢᠴᠢᠭ ᠮᠠᠲ᠋ᠧᠷᠢᠶᠠᠯ ᠪᠦᠬᠦᠨ ᠨᠢ ᠵᠠᠰᠠᠭ ᠵᠠᠬᠢᠷᠭᠠᠨ ᠤ ᠬᠦᠴᠦᠨ ᠲᠠᠢ ᠪᠣᠯᠬᠤ ᠦᠭᠡᠢ᠃      ᠲᠤᠰ ᠱᠠᠲᠤᠨ ᠤ ᠡᠷᠬᠡᠲᠦ ᠪᠠᠶᠢᠭᠤᠯᠭ᠎ᠠ ᠪᠤᠶᠤ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠦᠴᠦᠨ ᠦᠭᠡᠢ ᠪᠣᠯᠭᠠᠭᠳᠠᠭᠰᠠᠨ ᠪᠢᠴᠢᠭ ᠮᠠᠲ᠋ᠧᠷᠢᠶᠠᠯ ᠨᠢ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠵᠠᠰᠠᠭ ᠵᠠᠬᠢᠷᠭᠠᠨ ᠤ ᠬᠦᠴᠦᠨ ᠦᠭᠡᠢ᠃      ︵ᠭᠤᠷᠪᠠ︶ ᠲᠣᠭᠤᠷᠢᠭ ᠤᠨ ᠵᠠᠰᠠᠭ ᠤᠨ ᠣᠷᠳᠣᠨ ᠤ ᠢᠯᠡ ᠪᠣᠯᠭᠠᠭᠰᠠᠨ ᠮᠡᠳᠡᠭᠡ ᠵᠠᠩᠭᠢ ᠨᠢ᠂ ᠨᠡᠶᠢᠭᠡᠮ ᠨᠡᠶᠢᠲᠡ ᠳᠤ ᠰᠠᠨᠠᠯ ᠬᠤᠷᠢᠶᠠᠭᠰᠠᠨ ᠪᠢᠴᠢᠭ ᠮᠠᠲ᠋ᠧᠷᠢᠶᠠᠯ ᠤᠨ ᠲᠥᠰᠦᠯ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠢᠯᠡ  ᠪᠤᠯᠭᠠᠭᠰᠠᠨ ᠠᠴᠠ ᠭᠠᠳᠠᠨᠠᠬᠢ᠂ ᠵᠠᠰᠠᠭ ᠤᠨ ᠣᠷᠳᠣᠨ ᠤ ᠪᠤᠰᠤᠳ ᠮᠡᠳᠡᠭᠡ ᠵᠠᠩᠭᠢ ᠨᠢ ᠨᠡᠶᠢᠲᠡᠯᠡᠭᠰᠡᠨ ᠡᠳᠦᠷ ᠠᠴᠠ ᠡᠬᠢᠯᠡᠨ ᠨᠡᠶᠢᠲᠡ ᠳᠤ ᠢᠲᠡᠭᠡᠭᠦᠯᠬᠦ ᠬᠦᠴᠦᠨ ᠪᠤᠶᠤ ᠬᠡᠷᠡᠭᠵᠢᠭᠦᠯᠬᠦ ᠬᠦᠴᠦᠨ ᠲᠠᠢ ᠪᠣᠯᠤᠨ᠎ᠠ᠃      ᠵᠢᠷᠭᠤᠭ᠎ᠠ᠂ ᠠᠵᠢᠯ ᠤᠨ ᠪᠠᠶᠢᠭᠤᠯᠤᠮᠵᠢ      ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠵᠢᠴᠢ ᠪᠤᠰᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠤᠲᠠᠰᠤ ᠵᠢᠴᠢ ᠹᠠᠺᠰ ᠤᠨ ᠨᠣᠮᠧᠷ᠄ 8469099︔ ᠰᠢᠦᠳᠠᠨ ᠳ᠋ᠤᠭᠠᠷ᠄ 024005᠃      ᠳᠣᠯᠤᠭ᠎ᠠ᠂ ᠬᠢᠨᠠᠯᠲᠠ ᠲᠠᠯᠪᠢᠬᠤ ᠠᠷᠭ᠎ᠠ ᠮᠠᠶ᠋ᠢᠭ      ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠤᠬᠠᠶ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠭᠤᠮᠣᠳᠠᠯ ᠲᠣᠭᠠᠴᠢᠬᠤ ᠪᠤᠶᠤ ᠵᠠᠭᠠᠯᠳᠤᠵᠤ ᠪᠣᠯᠤᠨ᠎ᠠ ︵ᠬᠠᠷᠢᠯᠴᠠᠬᠤ ᠤᠲᠠᠰᠤ᠄ 8469099︶᠂ ᠪᠠᠰᠠ ᠬᠢᠨᠠᠨ ᠪᠠᠶᠢᠴᠠᠭᠠᠬᠤ ᠪᠠᠶᠢᠭᠤᠯᠭ᠎ᠠ ᠳᠤ ᠢᠯᠡᠴᠢᠯᠡᠨ ᠮᠡᠳᠡᠭᠦᠯᠵᠦ ᠪᠣᠯᠤᠨ᠎ᠠ᠂ ᠪᠠᠰᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠠᠷᠭ᠎ᠠ ᠮᠠᠶ᠋ᠢᠭ ᠢᠶᠠᠷ ᠰᠢᠢᠳᠪᠦᠷᠢᠡᠯᠵᠦ ᠪᠣᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号