ᠰᠦᠩᠱᠠᠨ ᠲᠣᠭᠤᠷᠢᠭ ᠴᠠᠰᠤ ᠮᠥᠰᠥ ᠶᠢ ᠠᠷᠢᠯᠭᠠᠵᠤ ᠬᠤᠳᠠ ᠶᠢᠨ ᠠᠶᠠᠯᠠᠯ ᠤᠨ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2023/5/17
      1 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠲᠤ ᠴᠠᠰᠤ ᠣᠷᠣᠪᠠ᠃ ᠬᠤᠶᠠᠷ ᠡᠳᠦᠷ ᠤᠨ ᠲᠤᠷᠰᠢ᠂ ᠰᠦᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠢᠩ ᠬᠤᠸᠠᠨ ᠰᠦᠩᠱᠠᠨ ᠤ ᠠᠵᠢᠯᠯᠠᠭᠠᠨ ᠤ ᠲᠥᠪ᠂ ᠱᠦᠨ ᠲᠦᠩ ᠺᠣᠮᠫᠠᠨᠢ ᠶᠢ ᠵᠣᠬᠢᠴᠠᠭᠤᠯᠤᠨ ᠴᠠᠭ ᠲᠤᠬᠠᠶ ᠳᠤᠨᠢ ᠴᠠᠰᠤ ᠠᠷᠢᠯᠭᠠᠵᠤ ᠮᠥᠰᠥ ᠬᠤᠰᠤᠵᠤ᠂ ᠥᠷᠭᠡᠨ ᠣᠯᠠᠨ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠪᠦᠲᠦᠮᠵᠢᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃      ᠣᠳᠣᠬᠠᠨ ᠪᠣᠯᠲᠠᠯ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠡᠶᠢᠲᠡ 985 ᠬᠥᠮᠦᠨ ᠤᠳᠠᠭ᠎ᠠ ᠭᠠᠷᠭᠠᠵᠤ᠂ 255 ᠲᠣᠨ ᠴᠠᠰᠤ ᠬᠠᠶᠢᠯᠤᠭᠤᠯᠤᠭᠴᠢ ᠡᠳ᠋᠂ 195 ᠲᠦᠷᠭᠡᠨ ᠴᠡᠪᠡᠷᠯᠡᠭᠡ ᠶᠢᠨ ᠮᠠᠰᠢᠨ᠂ 15 ᠰᠠᠴᠤᠬᠤ ᠮᠠᠰᠢᠨ᠂ 2 ᠴᠠᠰᠤ ᠲᠡᠭᠡᠭᠡᠬᠦ ᠲᠡᠷᠭᠡ᠂ 2 ᠴᠠᠰᠤ ᠠᠷᠢᠯᠭᠠᠵᠤ ᠥᠩᠬᠦᠷᠢᠭᠦᠯᠦᠨ ᠱᠤᠸᠠᠰᠠᠳᠠᠬᠤ ᠮᠠᠰᠢᠨ᠂ 5 ᠠᠴᠢᠶᠠᠨ ᠤ ᠮᠠᠰᠢᠨ ᠬᠡᠷᠡᠭᠯᠡᠵᠦ᠂ 843 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠠᠷᠢᠯᠭᠠᠪᠠ᠃      ᠣᠳᠣᠬᠠᠨ ᠳᠤ᠂ ᠲᠥᠪ ᠬᠤᠲᠠ ᠶᠢᠨ ᠲᠣᠭᠤᠷᠢᠭ ᠤᠨ ᠵᠠᠮ ᠬᠡᠪ ᠤᠨ ᠶᠣᠰᠣᠭᠠᠷ ᠨᠡᠪᠲᠡᠷᠡᠵᠦ ᠪᠠᠶᠢᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号