ᠰᠢᠶᠤᠤ ᠰᠢᠩ ᠯᠦᠩ ᠵᠤᠸᠠᠩ ᠲᠣᠰᠬᠤᠨ ᠤ ︽ᠰᠢᠩ ᠯᠦᠩ ᠢᠳᠡᠰᠢᠨ ᠨᠣᠭᠤᠭᠠᠨ ᠤ ᠬᠦᠷᠢᠶᠡᠯᠡᠩ︾ ᠤᠨ ᠶᠡᠷᠦᠩᠬᠡᠶᠢᠯᠡᠭᠰᠡᠨ ᠴᠣᠭᠴᠠ ᠶᠢᠨ ᠬᠦᠷᠢᠶᠡᠯᠡᠩ ᠡᠷᠦᠬᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2023/5/19
      5 ᠰᠠᠷ᠎ᠠ ᠶᠢᠨ 18 ᠤ ᠦᠳᠡ ᠶᠢᠨ ᠡᠮᠦᠨ᠎ᠡ᠂ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ᠰᠢᠶᠤᠤ ᠰᠢᠩ ᠯᠦᠩ ᠵᠤᠸᠠᠩ ᠲᠣᠰᠬᠤᠨ ᠤ ︽ᠰᠢᠩ ᠯᠦᠩ ᠢᠳᠡᠰᠢᠨ ᠨᠣᠭᠤᠭ᠎ᠠ ᠶᠢᠨ ᠬᠦᠷᠢᠶᠡᠯᠡᠩ︾ ᠤᠨ ᠶᠡᠷᠦᠩᠬᠡᠶᠢᠯᠡᠭᠰᠡᠨ ᠴᠣᠭᠴᠠ ᠶᠢᠨ ᠬᠦᠷᠢᠶᠡᠯᠡᠩ ᠡᠷᠦᠬᠡ ᠪᠠᠨ ᠨᠡᠭᠡᠭᠡᠪᠡ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠶᠠᠨ ᠶᠦᠩ ᠬᠦᠷᠢᠶᠡᠯᠡᠩ ᠨᠡᠭᠡᠭᠡᠬᠦ ᠶᠣᠰᠣᠯᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠰᠢᠶᠤᠤ ᠰᠢᠩ ᠯᠦᠩ ᠵᠤᠸᠠᠩ ᠲᠣᠰᠬᠤᠨ ᠨᠢ ᠪᠦᠬᠦ ᠲᠣᠭᠤᠷᠢᠭ ᠤᠨ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢᠨ ᠲᠤᠷᠰᠢᠯᠲᠠ ᠶᠢᠨ ᠴᠢᠭ ᠤᠨ ᠲᠣᠰᠬᠤᠨ ᠪᠣᠯᠤᠭᠰᠠᠨ ᠤ ᠬᠤᠪᠢ ᠳᠤ᠂ ︽ᠰᠢᠩ ᠯᠦᠩ ᠢᠳᠡᠰᠢᠨ ᠨᠣᠭᠤᠭ᠎ᠠ ᠶᠢᠨ ᠬᠦᠷᠢᠶᠡᠯᠡᠩ︾ ᠤᠨ ᠶᠡᠷᠦᠩᠬᠡᠶᠢᠯᠡᠭᠰᠡᠨ ᠴᠣᠭᠴᠠ ᠶᠢᠨ ᠬᠦᠷᠢᠶᠡᠯᠡᠩ ᠨᠡᠭᠡᠭᠡᠵᠦ ᠡᠵᠡᠩᠨᠡᠬᠦ ᠪᠣᠯ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠤᠨ ᠰᠢᠨ᠎ᠡ ᠭᠠᠷᠤᠭ᠎ᠠ ᠪᠣᠯᠤᠨ᠎ᠠ᠂ ᠡᠨᠡ ᠨᠢ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢᠨ ᠠᠵᠢᠯ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢ ᠬᠡᠷᠡᠭᠵᠢᠭᠦᠯᠬᠦ ᠪᠣᠯ ᠬᠥᠳᠡᠭᠡ ᠲᠣᠰᠬᠤᠨ ᠤ ᠡᠬᠢ ᠪᠠᠶᠠᠯᠢᠭ ᠤᠨ ᠡᠯᠧᠮᠧᠨ᠋ᠲ ᠢ ᠬᠥᠭᠵᠢᠭᠡᠬᠦ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠲᠤᠷᠰᠢᠯᠲᠠ ᠶᠢᠨ ᠴᠢᠭ ᠤᠨ ᠲᠣᠰᠬᠤᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠡᠮᠬᠢ ᠵᠢᠷᠤᠮ ᠲᠠᠢ ᠪᠠᠷ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠯᠢ ᠭᠦᠸᠧ ᠯᠢᠨ᠂ ᠯᠢᠦ ᠸᠠᠨ ᠯᠢ ᠬᠦᠷᠢᠶᠡᠯᠡᠩ ᠨᠡᠭᠡᠭᠡᠬᠦ ᠶᠣᠰᠣᠯᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号