ᠪᠦᠦ ᠰᠢᠶᠠᠨ ᠬᠤᠸᠠ ᠰᠦᠩᠱᠠᠨ ᠲᠣᠭᠤᠷᠢᠭ ᠲᠤ ᠢᠷᠡᠵᠦ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/19
      5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠰᠦᠩᠱᠠᠨ ᠲᠣᠭᠤᠷᠢᠭ ᠲᠤ ᠢᠷᠡᠵᠦ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠩ ᠵᠢᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠬᠢᠩᠭᠠᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ᠂ ᠪᠦᠦ ᠰᠢᠶᠠᠨ ᠬᠤᠸᠠ ᠲᠥᠪ ᠤᠨ ᠴᠢᠳᠠᠪᠬᠢ ᠶᠢᠨ ᠪᠠᠶᠢᠷᠢᠰᠢᠭᠤᠯᠤᠯᠲᠠ᠂ ᠰᠠᠯᠠᠭ᠎ᠠ ᠲᠠᠰᠤᠭ ᠤᠨ ᠲᠤᠬᠢᠷᠠᠭᠤᠯᠤᠯᠳᠠ᠂ ᠠᠵᠢᠯᠳᠠᠨ ᠤ ᠲᠤᠬᠢᠷᠠᠭᠤᠯᠤᠯᠳᠠ ᠵᠡᠷᠭᠡ ᠲᠠᠯ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠢᠩᠭᠠᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠪᠠ᠃ ᠲᠡᠷᠡ ᠢᠯᠡᠷᠬᠡᠶᠢᠯᠡᠬᠦ ᠳᠡᠭᠡᠨ᠂ ᠡᠮᠴᠢᠯᠡᠭᠡᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠬᠦᠭᠡᠷᠦᠮᠵᠢ ᠶᠢ ᠭᠦᠢᠴᠡᠳ ᠠᠰᠢᠭᠯᠠᠨ᠂ ᠴᠢᠳᠠᠪᠤᠷᠢᠲᠠᠨ ᠵᠢᠴᠢ ᠤᠨᠴᠠᠯᠢᠬᠳᠤ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠡᠮᠴᠢᠯᠡᠭᠡᠨ ᠤ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠨᠠᠩ ᠣᠯᠠᠨ ᠠᠷᠠᠳ ᠲᠦᠮᠡᠨ ᠳᠤ ᠠᠰᠢᠭ ᠬᠦᠷᠲᠡᠭᠡᠵᠦ᠂ ᠣᠯᠠᠨ ᠲᠦᠮᠡᠨ ᠤ ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ᠃      ᠣᠶᠢᠷ᠎ᠠ ᠶᠢᠨ ᠵᠢᠯ ᠤᠳ ᠲᠤ᠂ ᠰᠦᠩᠱᠠᠨ ᠲᠣᠭᠤᠷᠢᠭ  ︽ᠲᠥᠷᠥᠯ ᠬᠤᠪᠢᠶᠠᠨ ᠬᠥᠭᠵᠢᠭᠦᠯᠬᠦ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠵᠠᠷᠴᠢᠮ ᠢ ᠪᠠᠷᠢᠮᠲᠠᠯᠠᠨ᠂ ︽ᠭᠤᠤᠯᠳᠠᠯᠭ᠎ᠠ ᠶᠢ ᠳᠣᠪᠤᠶᠢᠯᠭᠠᠬᠤ᠂ ᠲᠥᠪᠯᠡᠷᠡᠭᠦᠯᠦᠨ ᠬᠦᠴᠦᠯᠡᠬᠦ᠂ ᠲᠥᠷᠥᠯ ᠬᠤᠪᠢᠶᠠᠨ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠷᠠᠳᠤᠨ ᠭᠠᠷᠭᠠᠵᠤ᠂ ᠬᠠᠷᠠᠲᠤᠬᠤᠢ᠂ ᠠᠩᠴᠢᠨ᠂ ᠳ᠋ᠠ ᠮᠢᠶᠣᠣ ᠵᠡᠷᠭᠡ 7 ᠭᠤᠤᠯ ᠡᠷᠡᠭᠦᠯ ᠬᠠᠮᠠᠭᠠᠯᠠᠯ ᠤᠨ ᠲᠠᠰᠤᠭ ᠢ ᠦᠨᠳᠦᠰᠦᠨ ᠱᠠᠲᠤᠨ ᠤ ᠣᠷᠣᠨ ᠪᠦᠰᠡ ᠶᠢᠨ ᠡᠮᠴᠢᠯᠡᠭᠡᠨ ᠤ ᠦᠢᠯᠡᠴᠢᠯᠡᠭᠡᠨ ᠤ ᠲᠥᠪ ᠢᠶᠠᠷ ᠲᠣᠭᠲᠠᠭᠠᠪᠠ᠃ 2020 ᠣᠨ ᠠᠴᠠ 2022 ᠣᠨ ᠪᠣᠯᠲᠠᠯ᠎ᠠ᠂ ᠰᠦᠩᠱᠠᠨ ᠲᠣᠭᠤᠷᠢᠭ 3000 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 6 ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠮᠡᠰᠡ ᠵᠠᠰᠠᠯ ᠤᠨ ᠲᠠᠰᠤᠭ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 36 ᠦᠨᠳᠦᠰᠦᠨ ᠱᠠᠲᠤᠨ ᠤ ᠡᠮᠴᠢᠯᠡᠭᠡᠨ ᠤ ᠨᠢᠭᠡᠴᠡ ᠳᠤ DR᠂ ᠥᠩᠭᠡᠲᠦ ᠬᠡᠲᠦ ᠳᠣᠯᠭᠢᠶᠠᠨ ᠵᠡᠷᠭᠡ ᠡᠮᠴᠢᠯᠡᠭᠡᠨ ᠤ ᠲᠥᠬᠦᠭᠡᠷᠦᠮᠵᠢ ᠲᠣᠬᠢᠷᠠᠭᠤᠯᠵᠤ ᠦᠭᠪᠡ᠃ 2021 ᠣᠨ ᠳᠤ᠂ ᠡᠯ᠎ᠡ ᠲᠥᠷᠥᠯ ᠤᠨ ᠪᠠᠯᠠ ᠮᠥᠩᠭᠦ ᠶᠢ 1300 ᠭᠠᠷᠤᠶ ᠲᠦᠮᠡᠨ ᠲᠥᠭᠦᠷᠢᠭ ᠨᠢᠭᠡᠳᠦᠯᠲᠡᠶ ᠲᠥᠯᠥᠪᠯᠡᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠡᠷ ᠪᠠᠶᠢᠰᠢᠩ ᠵᠢᠴᠢ ᠳᠠᠭᠠᠯᠲᠠ ᠬᠡᠷ ᠪᠠᠶᠢᠰᠢᠩ ᠢ ᠥᠭᠡᠷᠡᠴᠢᠯᠡᠨ ᠰᠢᠨ᠎ᠡ ᠪᠠᠷ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ᠂ ᠡᠮᠴᠢᠯᠡᠭᠡᠨ ᠤ ᠲᠥᠬᠦᠭᠡᠷᠦᠮᠵᠢ ᠶᠢ ᠪᠥᠬᠦ ᠲᠠᠯ᠎ᠠ ᠪᠠᠷ ᠲᠠᠰ ᠳᠡᠪᠰᠢᠭᠦᠯᠪᠡ᠃ ᠣᠳᠣᠬᠠᠨ ᠳᠤ᠂ ᠰᠦᠩᠱᠠᠨ ᠲᠣᠭᠤᠷᠢᠭ ᠲᠤ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 828 ᠪᠠᠶᠢᠵᠤ᠂ ᠡᠭᠦᠨ ᠳᠤ ᠲᠣᠭᠤᠷᠢᠭ ᠤᠨ ᠰᠢᠭᠤᠳ ᠬᠠᠷᠢᠶ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ 5᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 29᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 8᠂ ᠨᠢᠭᠡ ᠴᠤᠭᠴᠠᠵᠢᠭᠤᠯᠤᠨ ᠬᠠᠮᠢᠶᠠᠷᠬᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 232᠂ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠤᠨ ᠡᠵᠡᠩᠨᠡᠭᠰᠡᠨ ᠡᠮ ᠡᠮᠨᠡᠯᠭᠡ ᠶᠢᠨ ᠪᠠᠶᠢᠭᠤᠯᠤᠮᠵᠢ 554 ᠪᠣᠶ᠃     
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号