ᠰᠦᠩᠱᠠᠨ ᠲᠣᠭᠤᠷᠢᠭ ᠤᠨ 8 ᠰᠥᠨᠢ ᠶᠢᠨ ᠵᠠᠬ᠎ᠠ ᠳᠡᠯᠭᠡᠭᠦᠷ ᠤᠨ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2023/5/19
     ᠰᠥᠨᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠨ ᠬᠥᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠰᠦᠩᠱᠠᠨ ᠲᠣᠭᠤᠷᠢᠭ ᠡᠨᠡ ᠵᠢᠯ ᠤᠨ 5 ᠰᠠᠷ᠎ᠠ ᠠᠴᠠ 10 ᠰᠠᠷ᠎ᠠ ᠪᠣᠯᠲᠠᠯ᠎ᠠ 8 ᠥᠪᠡᠷᠮᠢᠴᠡ ᠣᠨᠴᠠᠯᠢᠭ ᠲᠠᠢ ᠭᠤᠤᠯ ᠰᠡᠳᠦᠪᠲᠦ ᠰᠥᠨᠢ ᠶᠢᠨ ᠵᠠᠬ᠎ᠠ ᠳᠡᠯᠭᠡᠭᠦᠷ ᠨᠡᠭᠡᠭᠡᠬᠦ ᠪᠠᠷ ᠪᠣᠶ᠃      8 ᠰᠥᠨᠢ ᠶᠢᠨ ᠵᠠᠬ᠎ᠠ ᠳᠡᠯᠭᠡᠭᠦᠷ ᠨᠢ ᠲᠤᠰ ᠲᠤᠰ ᠰᠦᠩᠱᠠᠨ ᠲᠣᠭᠤᠷᠢᠭ ᠤᠨ ᠰᠣᠶᠣᠯ ᠤᠷᠠᠯᠢᠭ ᠤᠨ ᠠᠮᠲᠠᠲᠤ ᠢᠳᠡᠭᠡᠨ ᠤ ᠪᠠᠶᠠᠷ ︵ᠰᠤᠯᠤᠩᠭᠠᠨ ᠬᠥᠭᠦᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠵᠡᠭᠦᠨ ᠲᠠᠯ᠎ᠠ ᠶᠢᠨ ᠬᠦᠷᠢᠶᠡᠨ ᠳᠣᠲᠣᠷ᠎ᠠ︶᠂ ᠵᠤᠨ ᠤ ᠠᠮᠠᠷᠠᠯᠲᠠ ᠶᠢᠨ ᠠᠮᠲᠠᠲᠤ ᠢᠳᠡᠭᠡᠨ ᠤ ᠪᠠᠶᠠᠷ ︵ᠥᠨᠳᠥᠷ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠪᠠᠷᠠᠭᠤᠨ ᠳᠣᠷᠣᠭᠰᠢ ᠪᠠᠭᠤᠬᠤ ᠲᠠᠯᠠᠪᠠᠶ︶᠂ ᠰᠦᠩᠱᠠᠨ ᠤ ᠽᠢ ᠪᠥᠸᠧ ᠶᠢᠨ ᠰᠢᠷᠠᠮᠠᠯ ᠢᠳᠡᠭᠡᠨ ︵ᠬᠤᠯᠠ ᠵᠠᠮ ᠤᠨ ᠮᠠᠰᠢᠨ ᠲᠡᠷᠭᠡᠨ ᠤ ᠥᠷᠲᠡᠭᠡᠨ ᠤ ᠥᠷᠲᠡᠭᠡᠨ ᠳᠤ ᠣᠷᠣᠬᠤ ᠡᠭᠦᠳᠡᠨ ᠤ ᠪᠠᠷᠠᠭᠤᠨ ᠲᠠᠯ᠎ᠠ︶᠂ ᠵᠤᠨ ᠤ ᠰᠥᠨᠢ ᠶᠢᠨ ᠰᠦᠩ ᠴᠧᠩ ︵ᠰᠢᠨ ᠲᠢᠶᠠᠨ ᠳ᠋ᠢ ᠲᠠᠯᠠᠪᠠᠶ︶᠂ ᠰᠦᠩᠱᠠᠨ ᠤ ᠦᠳᠡᠰᠢ ᠠᠮᠲᠠᠲᠤ ᠢᠳᠡᠭᠡᠨ ᠤ ᠲᠠᠯᠠᠪᠠᠶ ︵ᠶᠦᠩ ᠶᠧ ᠲᠠᠯᠠᠪᠠᠶ︶᠂ ᠰᠢᠩ ᠭᠤᠸᠠᠩ ᠰᠥᠨᠢ ᠶᠢᠨ ᠵᠠᠬ᠎ᠠ ︵ᠯᠢ ᠱᠦᠶ ᠵᠠᠬ᠎ᠠ ᠳᠡᠯᠭᠡᠭᠦᠷ︶᠂ ᠸᠠᠨ ᠳ᠋ᠠ ᠠᠯᠲᠠᠨ ᠵᠡᠭᠡᠯᠢ ᠶᠢᠨ 0476 ᠰᠤᠶᠤᠯ ᠤᠨ ᠡᠭᠦᠳᠦᠯᠲᠡ ᠰᠥᠨᠢ ᠶᠢᠨ ᠵᠠᠬ᠎ᠠ ︵ᠸᠠᠨ ᠳ᠋ᠠ ᠠᠯᠲᠠᠨ ᠵᠡᠭᠡᠯᠢ︶᠂ ᠳ᠋ᠢ ᠬᠤᠤ ᠠᠮᠲᠠᠲᠤ ᠢᠳᠡᠭᠡᠨ ᠤ ᠰᠣᠶᠣᠯ ᠤᠨ ᠪᠠᠶᠠᠷ ︵ᠳ᠋ᠢ ᠬᠤᠤ ᠠᠮᠲᠠᠲᠤ ᠢᠳᠡᠭᠡᠨ ᠤ ᠵᠡᠭᠡᠯᠢ︶ ᠪᠤᠯᠤᠨ᠎ᠠ᠂ ᠶᠡᠷᠦᠩᠬᠡᠶ ᠲᠠᠯᠠᠪᠠᠶ ᠨᠢ ᠪᠠᠷᠤᠭ 8 ᠲᠦᠮᠡᠨ ᠲᠡᠭᠰᠢ ᠳᠥᠷᠪᠡᠯᠵᠢᠨ ᠮᠧᠲᠷ᠂ ᠳᠡᠯᠭᠡᠭᠡ ᠮᠠᠶᠢᠮᠠᠶ ᠶᠢᠨ ᠣᠷᠣ ᠨᠢ 1200 ᠪᠠᠶᠢᠵᠤ᠂ ᠭᠤᠣᠯᠳᠠᠭᠤ ᠱᠤᠷᠤᠯᠠᠭ᠂ ᠡᠯ᠎ᠡ ᠵᠦᠢᠯ ᠤᠨ ᠰᠤᠯᠠ ᠢᠳᠡᠭᠡᠨ᠂ ᠵᠠᠳᠠᠭᠠᠶ ᠭᠤᠸᠠᠨᠰᠠ᠂ ᠪᠦᠷᠢᠨ ᠪᠠᠷᠠᠭ᠎ᠠ᠂ ᠬᠡᠦᠬᠡᠳ ᠤᠨ ᠵᠤᠭ᠎ᠠ ᠴᠡᠩᠭᠡᠯ᠂ ᠢᠳᠡᠭᠡᠨ ᠤᠮᠳᠠᠭᠠᠨ᠂ ᠠᠮᠢᠳᠤᠷᠠᠯ ᠤᠨ ᠬᠡᠷᠡᠭᠰᠡᠯ᠂ ᠬᠤᠪᠴᠠᠰᠤ ᠵᠠᠰᠠᠯ ᠵᠡᠷᠭᠡ ᠶᠢ  ᠡᠵᠡᠩᠨᠡᠨ᠎ᠡ᠃      ᠳ᠋ᠢ ᠬᠤᠤ ᠠᠮᠲᠠᠲᠤ ᠢᠳᠡᠭᠡᠨ ᠤ ᠵᠡᠭᠡᠯᠢ 5 ᠰᠠᠷ᠎ᠠ ᠶᠢᠨ 1 ᠤ ᠡᠳᠦᠷ ᠠᠴᠠ ᠡᠬᠢᠯᠡᠵᠦ᠂ 104 ᠳᠡᠯᠭᠡᠭᠡ ᠮᠠᠶᠢᠮᠠᠶ ᠶᠢᠨ ᠣᠷᠣ ᠲᠠᠢ᠂ ᠡᠭᠦᠨ ᠳᠤ 90 ᠰᠤᠯᠠ ᠢᠳᠡᠭᠡᠨ᠂ 10 ᠪᠦᠷᠢᠨ ᠪᠠᠷᠠᠭ᠎ᠠ᠂ 1 ᠬᠡᠤᠬᠡᠳ ᠤᠨ ᠵᠤᠭ᠎ᠠ ᠴᠡᠩᠭᠡᠯ᠂ 3 ᠵᠠᠳᠠᠭᠠᠶ ᠭᠤᠸᠠᠨᠰᠠ ᠪᠣᠶ︔ ᠰᠦᠩᠱᠠᠨ ᠤ ᠸᠠᠨ ᠳ᠋ᠠ ᠠᠭᠤᠳᠠᠮ ᠲᠠᠯᠠᠪᠠᠶ ᠶᠢᠨ ᠠᠯᠲᠠᠨ ᠵᠡᠭᠡᠯᠢ ᠶᠢᠨ ᠰᠥᠨᠢ ᠶᠢᠨ ᠵᠠᠬ᠎ᠠ ᠳᠡᠯᠭᠡᠭᠦᠷ ᠨᠢᠭᠡᠨᠲᠡ ᠲᠤᠷᠰᠢᠨ ᠡᠵᠡᠩᠨᠡᠬᠦ ᠪᠠᠶᠢᠳᠠᠯ ᠳᠤ ᠣᠷᠣᠵᠤ᠂ ᠰᠥᠨᠢ ᠶᠢᠨ ᠵᠠᠬ᠎ᠠ ᠳᠡᠯᠭᠡᠭᠦᠷ ᠨᠢ ᠰᠣᠶᠣᠯ ᠤᠨ ᠡᠭᠦᠳᠦᠯᠲᠡ ᠶᠢᠨ ᠭᠤᠤᠯ ᠰᠡᠳᠦᠪ ᠢ ᠳᠣᠪᠤᠶᠢᠯᠭᠠᠨ᠂ ᠰᠣᠶᠣᠯ ᠤᠨ ᠬᠦᠴᠦᠨ ᠵᠦᠢᠯ ᠢ ᠣᠷᠣᠭᠤᠯᠵᠤ᠂ ᠤᠯᠠᠮᠵᠢᠯᠠᠯᠲᠤ ᠰᠥᠨᠢ ᠶᠢᠨ ᠵᠠᠬ᠎ᠠ ᠳᠡᠯᠭᠡᠭᠦᠷ ᠤᠨ ᠰᠣᠶᠣᠯ ᠤᠨ ᠠᠭᠤᠷ ᠠᠮᠢᠰᠬᠤᠯ ᠢ ᠨᠡᠮᠡᠭᠳᠡᠭᠦᠯᠦᠨ᠂ ᠨᠠᠩ ᠣᠯᠠᠨ ᠵᠠᠯᠠᠭᠤᠴᠤᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号