ᠣᠶᠢᠷ᠎ᠠ ᠳᠤ᠂ 2023 ᠣᠨ ᠤ ᠰᠦᠩᠱᠠᠨ ᠲᠣᠭᠤᠷᠢᠭ ᠤᠨ ᠵᠣᠨ ᠤ ᠤᠯᠠᠷᠢᠯ ᠤᠨ ᠲᠣᠮᠣ ᠬᠡᠯᠪᠡᠷᠢ ᠶᠢᠨ | ᠴᠢᠳᠠᠪᠤᠷᠢᠲᠠᠨ ᠡᠯᠰᠡᠬᠦ ᠴᠤᠭᠯᠠᠭᠠᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ᠂ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠬᠤ ᠲᠤᠰᠬᠠᠶ ᠲᠠᠯᠠᠪᠤᠷ ᠤᠨ ᠠᠵᠢᠯᠲᠠᠨ ᠡᠯᠰᠡᠬᠦ | ᠴᠤᠭᠯᠠᠭᠠᠨ ᠰᠦᠩᠱᠠᠨ ᠤ ᠸᠠᠨ ᠳ᠋ᠠ ᠲᠠᠯᠠᠪᠠᠶ ᠳᠤ ᠶᠠᠪᠤᠭᠳᠠᠪᠠ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ ᠬᠡᠯᠪᠡᠷᠢ ᠪᠠᠷ ᠥᠷᠨᠢᠭᠦᠯᠵᠦ᠂ ᠰᠦᠯᠵᠢᠶᠡᠨ ᠭᠠᠳᠠᠨᠠᠬᠢ ᠶᠢᠨ ᠠᠵᠢᠯᠲᠠᠨ ᠡᠯᠰᠡᠬᠦ ᠴᠤᠭᠯᠠᠭᠠᠨ ᠢ 2 | ᠡᠳᠦᠷ ᠤᠨ ᠬᠤᠭᠤᠴᠠᠭ᠎ᠠ ᠲᠠᠢ ᠶᠠᠪᠤᠭᠳᠠᠭᠤᠯᠵᠤ᠂ ᠨᠡᠶᠢᠲᠡ 90 ᠠᠵᠤ ᠠᠬᠤᠶᠢᠯᠠᠯ ᠲᠠᠯᠠᠪᠠᠶ ᠳᠤ ᠣᠷᠣᠵᠤ ᠠᠵᠢᠯᠲᠠᠨ | ᠡᠯᠰᠡᠵᠦ᠂ ᠦᠢᠯᠡᠳᠪᠦᠷᠢᠯᠡᠯ ᠦᠢᠯᠡᠳᠬᠦ᠂ ᠮᠥᠩᠭᠦᠨ ᠭᠦᠢᠯᠭᠡᠭᠡ᠂ ᠢᠳᠡᠭᠡᠨ ᠤᠮᠳᠠᠭᠠᠨ᠂ ᠪᠠᠷᠢᠯᠭ᠎ᠠ ᠶᠢᠨ ᠦᠢᠯᠡᠰ᠂ | ᠵᠢᠭᠤᠯᠴᠢᠯᠠᠯ ᠤᠨ ᠦᠢᠯᠡᠰ᠂ ᠰᠤᠷᠭᠠᠨ ᠬᠥᠮᠦᠵᠢᠯ ᠪᠣᠯᠪᠠᠰᠤᠷᠠᠭᠤᠯᠤᠯ᠂ ᠡᠮ ᠡᠮᠨᠡᠯᠭᠡ ᠶᠢᠨ ᠦᠢᠯᠡᠴᠢᠯᠡᠭᠡ ᠵᠡᠷᠭᠡ | ᠣᠯᠠᠨ ᠠᠵᠢᠯ ᠲᠥᠷᠥᠯ ᠢ ᠬᠠᠮᠤᠷᠴᠤ᠂ 1800 ᠭᠠᠷᠤᠶ ᠰᠢᠯᠢᠳᠡᠭ ᠠᠵᠢᠯ ᠤᠨ ᠪᠠᠶᠢᠷᠢ ᠬᠠᠩᠭᠠᠪᠠ︔ ᠰᠦᠯᠵᠢᠶᠡᠨ | ᠳᠡᠭᠡᠷ᠎ᠡ ᠠᠵᠢᠯᠲᠠᠨ ᠡᠯᠰᠡᠬᠦ ᠴᠠᠭ ᠨᠢ 1 ᠰᠠᠷ᠎ᠠ ᠦᠷᠭᠦᠯᠵᠢᠯᠡᠵᠦ᠂ ︽ᠤᠯᠠᠭᠠᠨᠬᠠᠳᠠ ᠶᠢᠨ ᠤᠯᠠᠨ ᠤ ᠰᠡᠳᠬᠢᠯ ᠤᠨ | ᠲᠦᠷᠭᠡᠨ ᠤᠷᠢᠯᠭ᠎ᠠ ᠶᠢᠨ ᠰᠦᠯᠵᠢᠶ᠎ᠡ︾ ᠶᠢᠨ ᠨᠡᠶᠢᠲᠡ ᠶᠢᠨ ᠳ᠋ᠤᠭᠠᠷ᠂ ᠵᠢᠵᠢᠭ ᠫᠷᠤᠭ᠍ᠷᠠᠮ ᠢᠶᠠᠷ ᠳᠠᠮᠵᠢᠭᠤᠯᠤᠨ ᠠᠵᠢᠯ | ᠡᠷᠢᠭᠰᠡᠳ ᠲᠤ ᠲᠤᠰᠬᠠᠶ ᠲᠠᠯᠠᠪᠤᠷ ᠤᠨ ᠠᠵᠢᠯᠲᠠᠨ ᠡᠯᠰᠡᠬᠦ᠂ ᠰᠢᠭᠤᠳ ᠨᠡᠪᠲᠡᠷᠡᠭᠦᠯᠬᠦ ᠠᠵᠢᠯ ᠤᠨ ᠪᠠᠶᠢᠷᠢ ᠬᠦᠷᠭᠡᠬᠦ᠂ | ᠠᠵᠢᠯ ᠣᠯᠭᠤᠬᠤ ᠲᠤᠰᠬᠠᠶ ᠬᠡᠪᠯᠡᠯ ᠵᠡᠷᠭᠡ ᠰᠢᠷᠢᠰ ᠠᠭᠤᠯᠭ᠎ᠠ ᠶᠢ ᠬᠦᠷᠭᠡᠨ ᠥᠭᠴᠦ᠂ ᠡᠯ᠎ᠡ ᠲᠥᠷᠥᠯ ᠤᠨ | ᠴᠢᠳᠠᠪᠤᠷᠢᠲᠠᠨ ᠬᠢᠭᠡᠳ ᠬᠥᠮᠦᠨ ᠬᠡᠷᠡᠭᠯᠡᠬᠦ ᠨᠢᠭᠡᠴᠡ ᠶᠢᠨ ᠭᠤᠤᠯ ᠴᠣᠭᠴᠠ ᠳᠤ ᠥᠨᠳᠥᠷ ᠪᠦᠲᠦᠮᠵᠢᠲᠡᠶ ᠰᠣᠯᠢᠯᠴᠠᠨ | ᠵᠣᠯᠭᠠᠭᠤᠯᠬᠤ ᠲᠠᠪᠴᠠᠩ ᠢ ᠪᠠᠶᠢᠭᠤᠯᠵᠤ ᠥᠭᠭᠦᠭᠰᠡᠨ ᠪᠠᠶᠢᠨ᠎ᠠ᠃ |