ᠣᠶᠢᠷ᠎ᠠ ᠳᠤ᠂ ᠰᠦᠩᠱᠠᠨ ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠭᠤᠷᠪᠠᠳᠤᠭᠠᠷ | ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ | ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠤᠷᠠᠨ ᠵᠢᠷᠤᠭᠴᠢᠳ ᠤᠨ ᠨᠡᠶᠢᠭᠡᠮᠯᠢᠭ ᠤᠨ ᠬᠡᠷᠡᠭ | ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢᠳ ᠢ ᠰᠣᠩᠭᠤᠨ ᠭᠠᠷᠭᠠᠪᠠ︔ ᠵᠠᠩ ᡁᠢ ᠵᠢᠶᠦ᠋ᠨ ᠰᠦᠩᠱᠠᠨ | ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠪᠠᠷ | ᠰᠣᠩᠭᠤᠭᠳᠠᠪᠠ᠃ | ᠣᠶᠢᠯᠠᠭᠠᠭᠰᠠᠨ ᠢᠶᠠᠷ᠂ ᠰᠦᠩᠱᠠᠨ ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ ᠲᠤ ᠣᠲᠣ | ᠭᠡᠰᠢᠭᠦᠨ 151 ᠪᠣᠶ᠂ ᠡᠭᠦᠨ ᠳᠤ ᠤᠯᠠᠭᠠᠨᠬᠠᠳᠠ ᠬᠤᠲᠠ ᠶᠢᠨ ᠤᠷᠠᠨ ᠤᠷᠠᠨ ᠵᠢᠷᠤᠭᠴᠢᠳ ᠤᠨ ᠨᠡᠶᠢᠭᠡᠮᠯᠢᠭ ᠤᠨ | ᠭᠡᠰᠢᠭᠦᠨ 66᠂ ᠥᠪᠥᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ 18᠂ ᠳᠤᠮᠳᠠᠳᠤ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠵᠢᠷᠤᠭ ᠢ ᠠᠬᠢᠭᠤᠯᠬᠤ ᠨᠡᠶᠢᠭᠡᠮᠯᠢᠭ ᠤᠨ ᠭᠡᠰᠢᠭᠦᠨ 14᠂ | ᠬᠡᠷᠡᠭ ᠡᠷᠬᠢᠯᠡᠭᠴᠢ 1᠂ ᠳᠤᠮᠳᠠᠳᠤ ᠤᠯᠤᠰ ᠤᠨ ᠨᠠᠷᠢᠯᠢᠭ ᠵᠢᠷᠤᠭ ᠤᠨ ᠨᠡᠶᠢᠭᠡᠮᠯᠢᠭ ᠤᠨ ᠭᠡᠰᠢᠭᠦᠨ 3᠂ ᠬᠡᠷᠡᠭ | ᠡᠷᠬᠢᠯᠡᠭᠴᠢ 1᠂ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ 8 ᠪᠣᠶ᠂ ᠮᠤᠵᠢ ᠶᠢᠨ | ᠱᠠᠲᠤᠨ ᠠᠴᠠ ᠳᠡᠭᠡᠭᠰᠢᠬᠢ ᠵᠢᠷᠤᠭᠴᠢᠨ ᠤ ᠲᠤᠭ᠎ᠠ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠲᠤ | ᠲᠡᠷᠢᠭᠦᠯᠡᠵᠦ ᠪᠣᠶ᠃ | |