ᠰᠦᠩᠱᠠᠨ ᠲᠣᠭᠤᠷᠢᠭ ᠤᠨ ᠴᠢᠳᠬᠤᠯᠠᠩ ᠪᠠᠯᠭᠠᠰᠤᠨ ᠤ ᠹᠦ᠋ ᠱᠠᠨ ᠵᠤᠸᠠᠩ ᠲᠣᠰᠬᠤᠨ ᠤ ᠤᠯᠠᠭᠠᠨ ᠭᠦᠢᠯᠡᠰᠦᠨ ᠴᠡᠴᠡᠭ ᠤᠨ ᠪᠠᠶᠠᠷ ᠤᠨ ᠠᠵᠢᠯᠯᠠᠭ᠎ᠠ ︽5 · 1︾ ᠤ ᠬᠤᠭᠤᠴᠠᠭᠠᠨ ᠳᠤ ᠲᠦᠮᠡ ᠭᠠᠷᠤᠢ ᠵᠤᠭᠠᠴᠠᠭᠰᠠᠳ ᠤᠨ ᠠᠩᠬᠠᠷᠤᠯ ᠢ ᠲᠠᠲᠠᠪᠠ
ᠨᠡᠶᠢᠲᠡᠯᠡᠭᠰᠡᠨ ᠴᠠᠭ᠄
2023/5/6
      ︽5 · 1︾ ᠤ ᠬᠤᠭᠤᠴᠠᠭᠠᠨ ᠳᠤ᠂ ᠴᠢᠳᠬᠤᠯᠠᠩ ᠪᠠᠯᠭᠠᠰᠤ ᠶᠢᠨ ᠹᠦ᠋ ᠱᠠᠨ ᠵᠤᠸᠠᠩ ᠲᠣᠰᠬᠤᠨ ᠤᠯᠠᠭᠠᠨ ᠭᠦᠢᠯᠡᠰᠦᠨ ᠴᠡᠴᠡᠭ ᠤᠨ ᠪᠠᠶᠠᠷ ᠤᠨ ᠰᠢᠷᠢᠰ ᠠᠵᠢᠯᠯᠠᠭ᠎ᠠ ᠥᠷᠨᠢᠭᠦᠯᠵᠦ᠂ ᠲᠦᠮᠡ ᠭᠠᠷᠤᠢ ᠵᠤᠭᠠᠴᠠᠭᠰᠠᠳ ᠤᠨ ᠠᠩᠬᠠᠷᠤᠯ ᠢ ᠲᠠᠲᠠᠪᠠ᠃      ᠲᠦᠮᠡᠨ ᠮᠦ ᠴᠡᠴᠡᠭ ᠤᠨ ᠲᠠᠯᠠᠢ᠂ ᠵᠠᠯᠠᠭᠤᠴᠤᠳ ᠤᠨ ᠶᠡᠭᠡ ᠬᠦᠷᠢᠶ᠎ᠡ᠂ ᠲᠦᠳᠡᠭ ᠭᠠᠯ ᠤᠨ ᠦᠳᠡᠰᠢᠯᠡᠭᠡ᠂ ᠥᠨᠳᠥᠷ ᠮᠤᠳᠤᠨ ᠬᠥᠯᠲᠦ ᠪᠦᠵᠢᠭ ᠤᠨ ᠲᠣᠭᠤᠷᠢᠨ ᠲᠣᠭᠯᠠᠯᠲᠠ᠂ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ ᠵᠡᠷᠭᠡ ᠨᠢ ᠵᠤᠭᠠᠴᠠᠭᠰᠠᠳ ᠢ ᠮᠠᠷᠲᠠᠭᠳᠠᠰᠢ ᠦᠭᠡᠢ ᠠᠮᠠᠷᠠᠯᠲᠠ ᠶᠢᠨ ᠬᠤᠭᠤᠴᠠᠭ᠎ᠠ ᠶᠢ  ᠦᠩᠭᠡᠷᠡᠭᠦᠯᠪᠡ᠃      ᠲᠤᠰ ᠤᠳᠠᠭ᠎ᠠ ᠶᠢᠨ ᠤᠯᠠᠭᠠᠨ ᠭᠦᠢᠯᠡᠰᠦᠨ ᠴᠡᠴᠡᠭ ᠤᠨ ᠪᠠᠶᠠᠷ ᠤᠨ ᠠᠵᠢᠯᠯᠠᠭ᠎ᠠ ᠪᠣᠯ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠢᠷᠢᠰ ᠠᠵᠢᠯᠯᠠᠭ᠎ᠠ ᠶᠢᠨ ᠨᠢᠭᠡ ᠪᠣᠯᠤᠨ᠎ᠠ᠃ ᠹᠦ᠋ ᠱᠠᠨ ᠵᠤᠸᠠᠩ ᠲᠣᠰᠬᠤᠨ ᠤᠳᠤ ᠪᠠᠶᠢᠭ᠎ᠠ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠲᠤ ᠪᠠᠨ ᠲᠦᠰᠢᠭᠯᠡᠵᠦ᠂ ᠰᠣᠶᠣᠯ ᠵᠤᠭᠠᠴᠠᠯ ᠤᠨ ᠡᠬᠢ ᠪᠠᠶᠠᠯᠢᠭ ᠢᠶᠠᠨ ᠪᠠᠶᠠᠯᠢᠭᠵᠢᠭᠤᠯᠵᠤ᠂ ᠤᠯᠠᠭᠠᠨ ᠭᠦᠢᠯᠡᠰᠦᠨ ᠴᠡᠴᠡᠭ ᠤᠨ ᠠᠭᠤᠯᠠᠨ ᠳᠤ ᠨᠠᠮ ᠤᠨ ᠲᠡᠦᠬᠡ ᠶᠢᠨ ᠬᠠᠮᠢᠶ᠎ᠠ ᠪᠦᠬᠦᠢ ᠮᠡᠳᠡᠯᠭᠡ ᠶᠢᠨ ᠺᠠᠷᠲ ᠢ ᠡᠯᠭᠦᠵᠦ᠂ ᠵᠤᠭᠠᠴᠠᠭᠰᠠᠳ ᠠᠭᠤᠯᠠ ᠠᠪᠠᠷᠢᠵᠤ ᠵᠣᠭᠠᠴᠠᠬᠤ ᠳᠤᠮᠳᠠ ᠠᠴᠠ ᠨᠠᠮ ᠤᠨ ᠲᠡᠦᠬᠡ ᠶᠢᠨ ᠮᠡᠳᠡᠯᠭᠡ ᠶᠢ ᠰᠤᠷᠤᠯᠴᠠᠵᠤ᠂ ᠭᠠᠶᠢᠬᠠᠮᠰᠢᠭᠲᠤ ᠣᠨ ᠰᠠᠷ᠎ᠠ ᠶᠢ ᠡᠷᠭᠢᠴᠡᠭᠦᠯᠦᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号