5 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠤᠷᠠᠨ | ᠵᠢᠷᠤᠭᠴᠢᠳ ᠤᠨ ᠨᠡᠶᠢᠭᠡᠮᠯᠢᠭ ᠤᠨ ᠤᠰᠤᠨ ᠪᠤᠳᠤᠭ ᠤᠨ ᠵᠢᠷᠤᠭ ᠤᠨ ᠤᠷᠠᠯᠢᠭ ᠤᠨ ᠵᠥᠪᠯᠡᠯ᠂ ᠥᠪᠥᠷ ᠮᠣᠩᠭᠤᠯ ᠤᠨ | ᠤᠷᠠᠨ ᠵᠢᠷᠤᠭ ᠤᠨ ᠣᠷᠳᠣᠨ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠤᠰᠤᠨ | ᠪᠤᠳᠤᠭ ᠤᠨ ᠤᠷᠠᠯᠢᠭ ᠤᠨ ᠵᠣᠬᠢᠶᠠᠨ ᠪᠦᠲᠦᠭᠡᠯᠭᠡ ᠪᠠ ᠰᠤᠳᠤᠯᠭᠠᠨ ᠤ ᠲᠥᠪ᠂ ᠬᠤᠲᠠ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠲᠣᠭᠤᠷᠢᠭ | ᠬᠤᠶᠠᠷ ᠱᠠᠲᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠬᠠᠮᠲᠤᠷᠠᠨ ᠡᠷᠭᠢᠯᠡᠭᠰᠡᠨ ︽ᠥᠪᠥᠷ ᠮᠣᠩᠭᠤᠯ ᠤᠨ | ᠤᠰᠤᠨ ᠪᠤᠳᠤᠭ ᠤᠨ ᠵᠢᠷᠤᠭ ᠤᠨ ᠡᠷᠳᠡᠮ ᠰᠢᠨᠵᠢᠯᠡᠭᠡᠨ ᠤ ᠤᠷᠢᠯᠭ᠎ᠠ ᠶᠢᠨ ᠦᠵᠡᠭᠦᠯᠦᠯᠭᠡ︾ ᠶᠢᠨ ᠤᠯᠠᠭᠠᠨᠬᠠᠳᠠ ᠶᠢᠨ | ᠦᠷᠲᠡᠭᠡ ᠶᠢᠨ ᠲᠣᠭᠤᠷᠢᠨ ᠦᠵᠡᠭᠦᠯᠬᠦ ᠠᠵᠢᠯᠯᠠᠭ᠎ᠠ ᠰᠦᠩᠪᠸᠢ ᠶᠢᠨ ᠶᠡᠷᠦᠩᠬᠡᠶᠢᠯᠡᠭᠰᠡᠨ ᠲᠠᠯᠠᠪᠠᠶ ᠣᠷᠳᠣᠨ ᠳᠤ | ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠰᠦᠩ ᠳ᠋ᠡ ᠹᠦ᠋᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠠᠨ ᠹᠦ᠋ ᠠᠵᠢᠯᠯᠠᠭ᠎ᠠ ᠳᠤ | ᠣᠷᠣᠯᠴᠠᠪᠠ᠃ | ᠲᠣᠰ ᠤᠳᠠᠭᠠᠨ ᠤ ᠦᠵᠡᠭᠦᠯᠦᠯᠭᠡ ᠳᠤ ᠥᠪᠡᠷᠲᠡᠭᠡᠨ ᠵᠠᠰᠠᠬᠤ ᠣᠷᠣᠨ ᠤ 24 ᠨᠡᠷᠡᠰ ᠤᠰᠤᠨ ᠪᠤᠳᠤᠭ ᠤᠨ | ᠵᠢᠷᠤᠭᠴᠢᠨ ᠤ ᠣᠶᠢᠷ᠎ᠠ ᠶᠢᠨ ᠵᠢᠯ ᠤᠨ ᠰᠢᠯᠢᠳᠡᠭ ᠪᠦᠲᠦᠭᠡᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ | ᠦᠵᠡᠭᠦᠯᠪᠡ᠃ ᠦᠵᠡᠰᠬᠦᠯᠡᠩ ᠨᠢ ᠤᠰᠤᠨ ᠪᠤᠳᠤᠭ ᠤᠨ ᠵᠢᠷᠤᠭ ᠤᠨ ᠡᠷᠳᠡᠮ ᠰᠢᠨᠵᠢᠯᠡᠭᠡᠨ ᠤ ᠴᠢᠨᠠᠷ ᠢ | ᠳᠣᠪᠤᠶᠢᠯᠭᠠᠬᠤ ᠶᠢᠨ ᠬᠠᠮᠲᠤ ᠪᠠᠰᠠ ᠵᠠᠯᠠᠭᠤ ᠤᠰᠤᠨ ᠪᠤᠳᠤᠭ ᠤᠨ ᠵᠢᠷᠤᠭᠴᠢᠳ ᠤᠨ ᠰᠢᠨ᠎ᠡ ᠶᠢ ᠡᠭᠦᠳᠬᠦ | ᠦᠢᠯᠡᠳᠦᠯᠭᠡ ᠶᠢ ᠪᠠᠭᠲᠠᠭᠠᠵᠤ ᠵᠤᠷᠢᠭᠵᠢᠭᠤᠯᠪᠠ᠃ | ᠲᠣᠰ ᠤᠳᠠᠭᠠᠨ ᠤ ᠦᠵᠡᠭᠦᠯᠦᠯᠭᠡ ᠨᠢ ᠲᠣᠰ ᠭᠠᠵᠠᠷ ᠤᠨ ᠤᠷᠠᠯᠢᠭᠴᠢᠳ ᠬᠢᠭᠡᠳ ᠥᠪᠡᠷᠲᠡᠭᠡᠨ ᠵᠠᠰᠠᠬᠤ | ᠣᠷᠣᠨ ᠤ ᠲᠠᠰ ᠤᠨ ᠤᠰᠤᠨ ᠪᠤᠳᠤᠭ ᠤᠨ ᠵᠢᠷᠤᠭᠴᠢᠳ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ | ᠠᠬᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠨᠠᠩ ᠣᠯᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ | ᠤᠯᠠᠭᠠᠨᠬᠠᠳᠠ ᠳᠤ ᠳᠠᠶᠢᠴᠢᠯᠠᠨ ᠣᠷᠣᠭᠤᠯᠵᠤ᠂ ᠭᠠᠵᠠᠷ ᠣᠷᠣᠨ ᠤ ᠰᠣᠶᠣᠯ ᠤᠨ ᠴᠡᠴᠡᠭᠯᠡᠨ ᠬᠥᠭᠵᠢᠬᠦ ᠶᠢ ᠤᠯᠠᠮ | ᠨᠢᠭᠡ ᠠᠯᠬᠤᠮ ᠠᠬᠢᠭᠤᠯᠬᠤ ᠪᠣᠯᠤᠨ᠎ᠠ᠃ |