ᠵᠦᠩ ᠴᠢᠩ ᠰᠦᠩ ᠰᠦᠩᠱᠠᠨ ᠤ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/6
      5 ᠰᠠᠷ᠎ᠠ ᠶᠢᠨ 5 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠰᠦᠩᠱᠠᠨ ᠤ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠵᠢᠶᠠᠩ ᠴᠠᠩ ᠬᠤᠢ᠂ ᠯᠢᠶᠠᠩ ᠮᠢᠩ ᠽᠧ ᠵᠡᠷᠭᠡ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠰᠦᠩᠱᠠᠨ ᠤ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠣᠳᠣᠬᠠᠨ ᠳᠤ 69 ᠠᠵᠤ ᠠᠬᠤᠶᠢᠯᠠᠯ ᠰᠠᠭᠤᠷᠢᠰᠢᠵᠤ ᠪᠤᠢ᠃ ᠵᠦᠩ ᠴᠢᠩ ᠰᠦᠩ ᠨᠡᠷ ᠤᠷᠢᠳ ᠬᠤᠵᠢᠳ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠣᠶᠤᠨᠴᠢ ᠦᠢᠯᠡᠳᠬᠡᠯ᠂ ᠲᠣᠭᠠᠴᠢᠯᠠᠭᠰᠠᠨ ᠪᠦᠲᠦᠭᠡᠯᠴᠢ ᠰᠡᠳᠬᠢᠮᠵᠢ᠂ ᠵᠥᠭᠡᠯᠡᠨ ᠲᠤᠨᠤᠭ ᠰᠤᠳᠤᠯᠤᠨ ᠨᠡᠭᠡᠭᠡᠬᠦ ᠠᠵᠤ ᠠᠬᠤᠶᠢᠯᠠᠯ ᠪᠣᠯᠤᠨ ᠬᠠᠮᠲᠤᠪᠠᠷ ᠡᠳ᠋ᠯᠡᠬᠦ ᠦᠢᠯᠡᠳᠪᠦᠷᠢ ᠶᠢᠨ ᠲᠠᠰᠤᠭ ᠲᠤ ᠪᠠᠶᠢᠴᠠᠭᠠᠨ ᠰᠤᠳᠤᠯᠤᠯᠲᠠ ᠬᠢᠪᠡ᠃ ᠥᠪᠥᠷ ᠮᠣᠩᠭᠤᠯ ᠤᠨ ᠲᠢᠶᠠᠨ ᠹᠧᠩ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠠᠷᠤᠯ ᠮᠠᠰᠢᠨ ᠬᠥᠮᠦᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠾᠧᠩ ᠯᠢᠶᠠᠨ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠰᠠᠨᠰᠠᠷ ᠤᠨ ᠠᠶᠠᠯᠠᠯ ᠤᠨ ᠬᠤᠩ ᠲᠦ᠋ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠣᠯᠯᠠᠭᠴᠢ ᠭᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢᠦᠢ ᠷᠦᠢ ᠰᠦᠯᠵᠢᠶᠡᠨ ᠤ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠶᠢᠨ ᠬᠤᠪᠢᠶᠠᠷᠢ ᠺᠣᠮᠫᠠᠨᠢ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠤᠨ ᠬᠡᠷᠡᠭᠴᠡᠭᠡ ᠶᠢ ᠯᠠᠪᠯᠠᠨ ᠠᠰᠠᠭᠤᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠭᠠᠵᠠᠷ ᠲᠤᠨᠢ  ᠰᠢᠢᠳᠪᠦᠷᠢᠯᠡᠪᠡ᠃      ᠳᠠᠷᠠᠭᠠᠪᠠᠷ ᠨᠢ ᠬᠤᠷᠠᠯᠳᠤᠭᠤᠯᠤᠭᠰᠠᠨ ᠲᠤᠰᠬᠠᠢ ᠰᠡᠳᠦᠪᠲᠦ ᠬᠤᠷᠠᠯ ᠳᠡᠭᠡᠷ᠎ᠡ᠂ ᠵᠦᠩ ᠴᠢᠩ ᠰᠦᠩ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠥᠯᠥᠪᠵᠢᠭᠦᠯᠭᠡ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠴᠢᠳᠠᠮᠵᠢ ᠶᠢᠨ ᠪᠠᠶᠢᠷᠢᠰᠢᠭᠤᠯᠤᠯᠲᠠ᠂ ᠠᠷᠠᠯᠵᠢᠶᠠᠴᠢᠨ ᠤᠷᠢᠬᠤ ᠲᠦᠷᠦᠯ ᠵᠦᠢᠯ ᠢ ᠵᠣᠯᠭᠠᠭᠤᠯᠬᠤ ᠪᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠦᠩ ᠴᠢᠩ ᠰᠦᠩ ᠤᠢᠢᠷ᠎ᠠ ᠶᠢᠨ ᠵᠢᠯ ᠤᠨ ᠲᠤᠷᠰᠢᠬᠢ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃      ᠵᠦᠩ ᠴᠢᠩ ᠰᠦᠩ ᠴᠢᠬᠤᠯᠠᠴᠢᠯᠠᠭᠰᠠᠨ ᠨᠢ᠂ ᠰᠦᠩᠱᠠᠨ ᠤ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ︽ᠣᠶᠤᠨᠴᠢ ᠦᠢᠯᠡᠳᠬᠡᠯ᠂ ᠲᠣᠭᠠᠴᠢᠯᠠᠭᠰᠠᠨ ᠪᠦᠲᠦᠭᠡᠯᠴᠢ ᠰᠡᠳᠬᠢᠮᠵᠢ᠂ ᠵᠥᠭᠡᠯᠡᠨ ᠲᠤᠨᠤᠭ ᠢ ᠰᠤᠳᠤᠯᠤᠨ ᠨᠡᠭᠡᠭᠡᠬᠦ︾ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠰᠤᠷᠭᠠᠭᠤᠯᠢ ᠠᠵᠤ ᠠᠬᠤᠶᠢᠯᠠᠯ ᠬᠦᠷᠢᠶᠡᠯᠡᠩ︾ ᠤᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠢ ᠠᠩᠬᠠᠷᠤᠨ ᠡᠷᠭᠢᠯᠡᠬᠦ ᠡᠷᠴᠢᠮ ᠢᠶᠠᠨ ᠴᠢᠩᠭᠠᠷᠠᠭᠤᠯᠵᠤ᠂ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠠᠷᠠᠯᠵᠢᠶᠠᠴᠢᠨ ᠤᠷᠢᠬᠤ ᠲᠠᠪᠴᠠᠩ ᠪᠠ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠠᠰᠢᠭᠯᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠠᠵᠤ ᠠᠬᠤᠶᠢᠯᠠᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠵᠡᠷᠭᠡ ᠪᠠᠷ ᠳᠥᠯᠭᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠢᠵᠢ ᠪᠥᠷᠢᠳᠦᠭᠦᠯᠬᠦ ᠪᠡᠯᠡᠳᠬᠡᠮᠵᠢ ᠶᠢ ᠪᠦᠷᠢᠨᠰᠢᠬᠦᠯᠦᠨ᠂ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠲᠥᠷᠥᠯ ᠵᠦᠢᠯ ᠤᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠬᠦᠴᠢᠷ ᠵᠣᠪᠠᠯᠠᠩ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号