ᠵᠦᠩ ᠴᠢᠩ ᠰᠦᠩ 2023 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/6
      5 ᠰᠠᠷ᠎ᠠ ᠶᠢᠨ 4 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2023 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠰᠠᠶᠢᠳ ᠯᠢ ᠴᠢᠶᠠᠩ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠶ ︽ᠰᠠᠨᠠᠯ︾ ︽ᠠᠷᠭ᠎ᠠ︾ ︽ᠲᠣᠭᠲᠠᠭᠠᠯ︾ ︽ᠬᠢᠨᠠᠯᠲᠠ ᠲᠠᠯᠪᠢᠬᠤ ᠰᠠᠨᠠᠯ︾ ᠤᠨ ᠭᠤᠤᠯ ᠵᠣᠷᠢᠭ ᠰᠠᠨᠠᠭ᠎ᠠ᠂ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ︔ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠰᠣᠨᠣᠰᠴᠤ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ︔ ︽ᠰᠦᠩᠱᠠᠨ ᠲᠣᠭᠤᠷᠢᠭ ᠤᠨ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠪᠣᠯᠵᠣᠨ ᠶᠠᠷᠢᠯᠴᠠᠬᠤ ᠲᠦᠷᠢᠮ︾ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠠᠵᠢᠯ ᠤᠨ ᠳᠦᠷᠢᠮ︾ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 — 2025 ᠣᠨ︶︾ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠭᠤᠷᠪᠠ ᠶᠢ ᠨᠢᠭᠡ ᠴᠤᠭᠴᠠᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠬᠦ ᠬᠡᠷᠡᠭᠵᠢᠭᠦᠯᠬᠦ ᠲᠥᠰᠦᠯ︾ ︽ᠰᠦᠩᠱᠠᠨ ᠲᠣᠭᠤᠷᠢᠭ ᠤᠨ ᠲᠠᠷᠢᠮᠠᠯ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠭᠡᠨᠡᠳᠲᠡ ᠡᠭᠦᠰᠦᠭᠰᠡᠨ ᠣᠷᠴᠢᠨ ᠠᠬᠤᠶ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ︾ ︽2023 ᠣᠨ ᠤ ᠥᠪᠡᠷᠲᠡᠭᠡᠨ ᠵᠠᠰᠠᠬᠤ ᠤᠷᠤᠨ ᠤ ᠲᠣᠰ ᠱᠠᠲᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠨᠥᠬᠦᠪᠥᠷᠢ ᠪᠠᠯᠠ ᠮᠥᠩᠭᠦ ᠶᠢᠨ ᠲᠥᠷᠥᠯ ᠵᠦᠢᠯ ᠢ ᠳᠣᠭᠢᠷᠠᠭᠤᠯᠤᠨ ᠬᠡᠷᠡᠭᠯᠡᠬᠦ ᠲᠥᠯᠥᠪᠯᠡᠭᠡ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠦᠨᠵᠡᠭᠡᠢ ᠡᠵᠡᠮᠰᠢᠵᠦ᠂ ᠨᠡᠶᠢᠲᠡᠴᠢ ᠴᠢᠨᠠᠷᠲᠠᠢ ᠠᠰᠠᠭᠤᠳᠠᠯ ᠢ ᠰᠢᠰᠲ᠋ᠧᠮ ᠲᠠᠢ ᠰᠤᠳᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠶᠡᠭᠡ ᠲᠠᠯ᠎ᠠ ᠳᠤ ᠠᠭᠤᠰᠤᠯᠴᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠬᠤ᠂ ᠲᠥᠷᠥᠯ ᠵᠦᠢᠯ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠲᠣᠰ ᠪᠡᠶ᠎ᠡ ᠶᠢᠨ ᠳᠠᠪᠠᠭᠤᠯᠢᠭ ᠪᠠ ᠣᠷᠣᠨ ᠪᠦᠰᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ︽ᠭᠠᠳᠠᠭᠰᠢ ᠭᠠᠷᠬᠤ︾ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠴᠢᠳᠠᠪᠤᠷᠢ ᠪᠠᠨ ᠴᠢᠩᠭᠠᠷᠠᠭᠤᠯᠤᠨ᠂ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ ᠨᠥᠭᠡᠴᠡᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠪᠠᠲᠤ ᠰᠠᠭᠤᠷᠢ ᠶᠢ ᠡᠷᠡᠰ ᠪᠠᠲᠤ ᠴᠣᠭᠴᠠᠯᠠᠬᠤ ᠬᠡᠷᠡᠭᠲᠡᠶ᠃      ᠵᠢᠶᠠᠩ ᠴᠠᠩ ᠬᠤᠢ᠂ ᠸᠠᠩ ᠫᠧᠩ ᠹᠸᠢ᠂ ᠯᠢᠶᠠᠩ ᠮᠢᠩ ᠽᠧ᠂ ᠶᠠᠩ ᠯᠢ ᠬᠦᠩ᠂ ᠰᠢᠤᠢ ᠹᠸᠢ ᠶᠠᠨ᠂ ᠢᠦᠢ ᠬᠤᠸᠠ ᠶᠠᠨ᠂ ᠯᠢ ᠰᠢᠶᠠᠨ ᠹᠦ᠋᠂ ᠴᠧᠨ ᠶᠠᠨ ᠶᠦᠩ᠂ ᠲᠠᠩ ᠲᠢᠩ ᠲᠢᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号