︽5 · 1︾ ᠤ ᠬᠤᠭᠤᠴᠠᠭᠠᠨ ᠳᠤ᠂ ᠴᠢᠳᠬᠤᠯᠠᠩ ᠪᠠᠯᠭᠠᠰᠤ ᠶᠢᠨ ᠹᠦ᠋ ᠱᠠᠨ ᠵᠤᠸᠠᠩ ᠲᠣᠰᠬᠤᠨ ᠤᠯᠠᠭᠠᠨ | ᠭᠦᠢᠯᠡᠰᠦᠨ ᠴᠡᠴᠡᠭ ᠤᠨ ᠪᠠᠶᠠᠷ ᠤᠨ ᠰᠢᠷᠢᠰ ᠠᠵᠢᠯᠯᠠᠭ᠎ᠠ ᠥᠷᠨᠢᠭᠦᠯᠵᠦ᠂ ᠲᠦᠮᠡ ᠭᠠᠷᠤᠢ ᠵᠤᠭᠠᠴᠠᠭᠰᠠᠳ ᠤᠨ | ᠠᠩᠬᠠᠷᠤᠯ ᠢ ᠲᠠᠲᠠᠪᠠ᠃ | ᠲᠦᠮᠡᠨ ᠮᠦ ᠴᠡᠴᠡᠭ ᠤᠨ ᠲᠠᠯᠠᠢ᠂ ᠵᠠᠯᠠᠭᠤᠴᠤᠳ ᠤᠨ ᠶᠡᠭᠡ ᠬᠦᠷᠢᠶ᠎ᠡ᠂ ᠲᠦᠳᠡᠭ ᠭᠠᠯ ᠤᠨ ᠦᠳᠡᠰᠢᠯᠡᠭᠡ᠂ | ᠥᠨᠳᠥᠷ ᠮᠤᠳᠤᠨ ᠬᠥᠯᠲᠦ ᠪᠦᠵᠢᠭ ᠤᠨ ᠲᠣᠭᠤᠷᠢᠨ ᠲᠣᠭᠯᠠᠯᠲᠠ᠂ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ | ᠵᠡᠷᠭᠡ ᠨᠢ ᠵᠤᠭᠠᠴᠠᠭᠰᠠᠳ ᠢ ᠮᠠᠷᠲᠠᠭᠳᠠᠰᠢ ᠦᠭᠡᠢ ᠠᠮᠠᠷᠠᠯᠲᠠ ᠶᠢᠨ ᠬᠤᠭᠤᠴᠠᠭ᠎ᠠ ᠶᠢ ᠦᠩᠭᠡᠷᠡᠭᠦᠯᠪᠡ᠃ | ᠲᠤᠰ ᠤᠳᠠᠭ᠎ᠠ ᠶᠢᠨ ᠤᠯᠠᠭᠠᠨ ᠭᠦᠢᠯᠡᠰᠦᠨ ᠴᠡᠴᠡᠭ ᠤᠨ ᠪᠠᠶᠠᠷ ᠤᠨ ᠠᠵᠢᠯᠯᠠᠭ᠎ᠠ ᠪᠣᠯ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠢᠷᠢᠰ ᠠᠵᠢᠯᠯᠠᠭ᠎ᠠ ᠶᠢᠨ ᠨᠢᠭᠡ ᠪᠣᠯᠤᠨ᠎ᠠ᠃ | ᠹᠦ᠋ ᠱᠠᠨ ᠵᠤᠸᠠᠩ ᠲᠣᠰᠬᠤᠨ ᠤᠳᠤ ᠪᠠᠶᠢᠭ᠎ᠠ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠲᠤ ᠪᠠᠨ | ᠲᠦᠰᠢᠭᠯᠡᠵᠦ᠂ ᠰᠣᠶᠣᠯ ᠵᠤᠭᠠᠴᠠᠯ ᠤᠨ ᠡᠬᠢ ᠪᠠᠶᠠᠯᠢᠭ ᠢᠶᠠᠨ ᠪᠠᠶᠠᠯᠢᠭᠵᠢᠭᠤᠯᠵᠤ᠂ ᠤᠯᠠᠭᠠᠨ ᠭᠦᠢᠯᠡᠰᠦᠨ ᠴᠡᠴᠡᠭ ᠤᠨ | ᠠᠭᠤᠯᠠᠨ ᠳᠤ ᠨᠠᠮ ᠤᠨ ᠲᠡᠦᠬᠡ ᠶᠢᠨ ᠬᠠᠮᠢᠶ᠎ᠠ ᠪᠦᠬᠦᠢ ᠮᠡᠳᠡᠯᠭᠡ ᠶᠢᠨ ᠺᠠᠷᠲ ᠢ ᠡᠯᠭᠦᠵᠦ᠂ ᠵᠤᠭᠠᠴᠠᠭᠰᠠᠳ ᠠᠭᠤᠯᠠ | ᠠᠪᠠᠷᠢᠵᠤ ᠵᠣᠭᠠᠴᠠᠬᠤ ᠳᠤᠮᠳᠠ ᠠᠴᠠ ᠨᠠᠮ ᠤᠨ ᠲᠡᠦᠬᠡ ᠶᠢᠨ ᠮᠡᠳᠡᠯᠭᠡ ᠶᠢ ᠰᠤᠷᠤᠯᠴᠠᠵᠤ᠂ ᠭᠠᠶᠢᠬᠠᠮᠰᠢᠭᠲᠤ ᠣᠨ | ᠰᠠᠷ᠎ᠠ ᠶᠢ ᠡᠷᠭᠢᠴᠡᠭᠦᠯᠦᠨ᠎ᠡ᠃ |