5 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠤᠷᠠᠨ | ᠵᠢᠷᠤᠭᠴᠢᠳ ᠤᠨ ᠨᠡᠶᠢᠭᠡᠮᠯᠢᠭ ᠠᠴᠠ ᠡᠷᠭᠢᠯᠡᠭᠰᠡᠨ ᠰᠦᠩᠱᠠᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠤᠷᠠᠨ | ᠵᠢᠷᠤᠭ ᠤᠨ ᠪᠦᠲᠦᠭᠡᠯ ᠤᠨ ᠦᠵᠡᠰᠬᠦᠯᠡᠩ ᠡᠬᠢᠯᠡᠪᠡ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠰᠥᠩ ᠳ᠋ᠡ ᠹᠦ᠋ ᠡᠬᠢᠯᠡᠯᠲᠡ ᠶᠢᠨ ᠶᠣᠰᠣᠯᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠤᠷᠠᠨ | ᠵᠢᠷᠤᠭ ᠤᠨ ᠦᠵᠡᠭᠦᠯᠦᠯᠭᠡ ᠳᠤ ᠤᠷᠠᠨ ᠪᠦᠲᠦᠭᠡᠯ ᠤᠨ ᠰᠡᠳᠦᠪᠯᠡᠬᠦᠨ ᠪᠠᠶᠠᠯᠢᠭ᠂ ᠬᠡᠪ ᠨᠠᠮᠪᠠ ᠣᠯᠠᠨ ᠶᠠᠩᠵᠤ ᠶᠢᠨ | ᠪᠠᠶᠢᠵᠤ᠂ ᠤᠷᠠᠨ ᠵᠢᠷᠤᠭ ᠤᠨ ᠵᠣᠬᠢᠶᠠᠨ ᠪᠦᠲᠦᠭᠡᠯᠭᠡ ᠶᠢᠨ ᠰᠢᠨ᠎ᠡ ᠠᠬᠢᠴᠠ᠂ ᠰᠢᠨ᠎ᠡ ᠠᠮᠵᠢᠯᠲᠠ᠂ ᠰᠢᠨ᠎ᠡ | ᠣᠨᠴᠠᠯᠢᠭ ᠢ ᠲᠤᠰᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ | ᠰᠣᠶᠣᠯ ᠤᠷᠠᠯᠢᠭ ᠢ ᠦᠨᠳᠦᠰᠦᠨ ᠱᠠᠲᠤᠨ ᠳᠤ ᠬᠦᠷᠭᠡᠬᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠭᠦᠯᠬᠦ ᠳᠤ | ᠢᠳᠡᠪᠬᠢᠲᠡᠶ ᠦᠢᠯᠡᠳᠦᠯ ᠦᠵᠡᠭᠦᠯᠵᠦ᠂ ᠤᠷᠠᠨ ᠵᠢᠷᠤᠭᠴᠢᠳ ᠤᠨ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠬᠤ᠂ | ᠰᠦᠩᠱᠠᠨ ᠲᠣᠭᠤᠷᠢᠭ ᠤᠨ ᠰᠣᠶᠣᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠯᠤᠰ | ᠬᠡᠲᠦ ᠶᠢᠨ ᠨᠥᠯᠥᠭᠡ ᠦᠵᠡᠭᠦᠯᠬᠦ ᠪᠣᠯᠤᠨ᠎ᠠ᠃ | ᠲᠣᠰ ᠤᠳᠠᠭᠠᠨ ᠤ ᠦᠵᠡᠰᠬᠦᠯᠡᠩ 15 ᠡᠳᠦᠷ ᠶᠠᠪᠤᠭᠳᠠᠵᠤ᠂ ᠨᠡᠶᠢᠲᠡ 264 ᠪᠦᠲᠦᠭᠡᠯ ᠢ ᠳᠡᠯᠭᠡᠨ | ᠦᠵᠡᠭᠦᠯᠵᠦ᠂ ᠬᠢᠲᠠᠳ ᠵᠢᠷᠤᠭ᠂ ᠲᠣᠰᠣᠨ ᠪᠤᠳᠤᠭ ᠤᠨ ᠵᠢᠷᠤᠭ᠂ ᠪᠠᠷ ᠵᠢᠷᠤᠭ᠂ ᠤᠰᠤᠨ ᠪᠤᠳᠤᠭ ᠤᠨ ︵ᠨᠤᠨᠲᠠᠭ︶ | ᠵᠢᠷᠤᠭ ᠵᠡᠷᠭᠡ ᠣᠯᠠᠨ ᠲᠥᠷᠥᠯ ᠤᠨ ᠵᠢᠷᠤᠭ ᠤᠨ ᠲᠥᠷᠥᠯ ᠪᠠᠶᠢᠵᠤ᠂ ᠬᠥᠮᠦᠨ᠂ ᠠᠭᠤᠯᠠ ᠤᠰᠤ ︵ᠦᠵᠡᠮᠵᠢ︶᠂ | ᠴᠡᠴᠡᠭ ᠰᠢᠪᠠᠭᠤ ᠵᠡᠷᠭᠡ ᠠᠳᠠᠯᠢ ᠪᠤᠰᠤ ᠰᠡᠳᠦᠪᠯᠡᠬᠦᠨ ᠢ ᠬᠠᠮᠤᠷᠪᠠ᠃ |