6 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠲᠠ᠂ ᠲᠣᠭᠤᠷᠢᠭ ᠤᠨ ᠬᠤᠶᠠᠷ ᠱᠠᠲᠤᠨ ᠤ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠲᠣᠭᠤᠷᠢᠨ ᠰᠢᠯᠭᠠᠬᠤ ᠳᠤᠭᠤᠶᠢᠯᠠᠩ | ᠰᠦᠩᠱᠠᠨ ᠲᠣᠭᠤᠷᠢᠭ ᠲᠤ ᠢᠷᠡᠵᠦ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ | ᠪᠡᠯᠡᠳᠬᠡᠯ ᠠᠵᠢᠯ ᠤᠨ ᠲᠤᠬᠠᠶ ᠲᠣᠭᠤᠷᠢᠨ ᠪᠠᠶᠢᠴᠠᠭᠠᠯᠲᠠ ᠬᠢᠪᠡ᠂ ᠬᠤᠲᠠ᠂ ᠲᠣᠭᠤᠷᠢᠭ ᠤᠨ ᠤᠳᠤᠷᠢᠳᠤᠯᠭ᠎ᠠ ᠸᠠᠩ | ᠸᠠᠩ ᠱᠧᠩ᠂ ᠯᠦᠸᠧ ᠰᠢᠤ ᠶᠠᠨ᠂ ᠵᠠᠩ ᠭᠦᠸᠧ ᠬᠤᠸᠠ᠂ ᠴᠢᠦ ᠸᠧᠨ ᠪᠥᠸᠧ᠂ ᠵᠥᠩ ᠴᠢᠩ ᠰᠥᠩ᠂ ᠹᠦ᠋ | ᠴᠢᠶᠠᠩ᠂ ᠯᠢ ᠭᠦᠸᠧ ᠯᠢᠨ᠂ ᠢᠦᠶ ᠬᠤᠸᠠ ᠶᠠᠨ᠂ ᠯᠢᠦ ᠸᠠᠨ ᠯᠢ ᠲᠣᠭᠤᠷᠢᠨ ᠪᠠᠶᠢᠴᠠᠭᠠᠯᠲᠠ ᠳᠤ ᠣᠷᠣᠯᠴᠠᠪᠠ᠃ | ᠲᠣᠭᠤᠷᠢᠨ ᠰᠢᠯᠭᠠᠬᠤ ᠳᠤᠭᠤᠶᠢᠯᠠᠩ ᠲᠤᠰ ᠲᠤᠰ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ | ᠰᠤᠷᠭᠠᠭᠤᠯᠢ᠂ ᠤᠯᠠᠭᠠᠨᠬᠠᠳᠠ ᠶᠢᠨ ᠰᠢᠨ᠎ᠡ ᠬᠤᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ᠂ ᠰᠦᠩᠱᠠᠨ ᠤ | ᠳᠥᠷᠪᠡᠳᠦᠭᠡᠷ ᠳᠤᠮᠳᠠᠳᠤ ᠰᠤᠷᠭᠠᠭᠤᠯᠢ᠂ ᠲᠤᠷᠰᠢᠯᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠴᠡᠭ ᠲᠤ ᠬᠦᠷᠴᠦ᠂ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠰᠢᠯᠭᠠᠯᠲᠠ ᠶᠢᠨ | ᠶᠠᠪᠤᠳᠠᠯ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠠᠮᠤᠷ ᠲᠦᠪᠰᠢᠨ ᠤ ᠬᠠᠮᠠᠭᠠᠯᠠᠯᠲᠠ᠂ | ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠠᠷᠢᠨ ᠣᠶᠢᠯᠠᠭᠠᠪᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠨᠡᠶᠢᠭᠡᠮ ᠳᠠᠶᠠᠭᠠᠷ ᠤᠨ | ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠴᠢᠬᠤᠯᠠ ᠶᠠᠪᠤᠳᠠᠯ ᠪᠣᠯᠤᠨ᠎ᠠ᠃ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠨᠠᠩ | ᠴᠢᠩᠭ᠎ᠠ ᠨᠢᠮᠪᠠᠶ ᠣᠪᠣᠷ ᠰᠤᠷᠲᠠᠯ᠂ ᠨᠠᠩ ᠳᠣᠲᠣᠨᠣ ᠦᠢᠯᠡᠴᠢᠯᠡᠭᠡ ᠪᠠᠷ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠰᠢᠯᠭᠠᠯᠲᠠ ᠶᠢᠨ | ᠶᠠᠪᠤᠳᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠲᠠᠯᠠᠪᠤᠷ ᠲᠤ ᠤᠷᠤᠬᠤ ᠶᠢ ᠪᠠᠶᠢᠴᠠᠭᠠᠬᠤ᠂ | ᠰᠢᠯᠭᠠᠯᠲᠠ ᠶᠢᠨ ᠳᠤᠮᠳᠠ ᠲᠣᠭᠤᠷᠢᠨ ᠪᠠᠶᠢᠴᠠᠭᠠᠬᠤ ᠵᠡᠷᠭᠡ ᠡᠯ᠎ᠡ ᠭᠤᠭᠴᠤᠭ᠎ᠠ ᠳᠤ ᠰᠢᠨᠵᠢᠯᠡᠬᠦ ᠤᠬᠠᠭᠠᠨᠴᠢ | ᠬᠠᠮᠢᠶᠠᠷᠤᠯᠲᠠ ᠶᠢ ᠴᠢᠩᠳᠠᠯᠠᠵᠤ᠂ ᠰᠢᠯᠭᠠᠯᠲᠠ ᠶᠢᠨ ᠲᠠᠯᠠᠪᠤᠷ ᠤᠨ ᠰᠠᠬᠢᠯᠭ᠎ᠠ ᠪᠠᠲᠤ ᠶᠢ ᠴᠢᠩᠭ᠎ᠠ ᠠᠳᠬᠤᠵᠤ᠂ ᠡᠷᠬᠡ | ᠲᠡᠭᠰᠢ ᠲᠥᠪ ᠭᠤᠣᠯᠴᠢ ᠰᠢᠯᠭᠠᠯᠲᠠ ᠶᠢᠨ ᠤᠷᠴᠢᠨ ᠠᠬᠤᠢ ᠶᠢ ᠬᠠᠮᠠᠭᠠᠯᠠᠬᠤ ᠬᠡᠷᠡᠭᠲᠡᠢ᠃ ᠰᠠᠯᠠᠭ᠎ᠠ ᠮᠥᠴᠢᠷ ᠤᠨ | ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ᠂ ᠵᠠᠮ ᠬᠠᠷᠢᠯᠴᠠᠭ᠎ᠠ ᠶᠢ | ᠨᠡᠪᠲᠡᠷᠡᠭᠦᠯᠬᠦ᠂ ᠢᠳᠡᠭᠡᠨ ᠤ ᠠᠮᠤᠷ ᠲᠦᠪᠰᠢᠨ᠂ ᠲᠠᠭᠤ ᠱᠤᠤᠭᠢᠶᠠᠨ ᠢ ᠵᠠᠰᠠᠬᠤ ᠪᠠ ᠤᠨᠴᠠᠭᠠᠢ ᠴᠠᠭ ᠠᠭᠤᠷ ᠢ | ᠠᠷᠭᠠᠴᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢ ᠨᠢᠭᠲᠠ | ᠠᠪᠴᠠᠯᠳᠤᠭᠤᠯᠤᠨ᠂ ᠵᠠᠪᠰᠠᠷ ᠥᠬᠡᠶ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ | ᠲᠠᠯ᠎ᠠ ᠪᠠᠷ ᠡᠮᠬᠢᠯᠡᠨ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠭᠡᠨᠡᠳᠲᠡ ᠶᠢᠨ | ᠬᠡᠷᠡᠭ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠬᠤ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠰᠢᠯᠭᠠᠭᠤᠯᠤᠭᠴᠢ᠂ ᠲᠠᠯᠠᠪᠤᠷ ᠤᠨ ᠭᠠᠳᠠᠨ᠎ᠠ ᠬᠠᠪᠰᠤᠷᠤᠨ ᠰᠢᠯᠭᠠᠭᠤᠯᠬᠤ ᠭᠡᠷ ᠤᠨ ᠠᠬᠠᠮᠠᠳ ᠤᠨ | ᠦᠢᠯᠡᠴᠢᠯᠡᠭᠡᠨ ᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠬᠦ ᠬᠡᠷᠡᠭᠲᠡᠢ᠃ ᠰᠡᠳᠬᠢᠴᠡ ᠶᠢᠨ ᠲᠠᠯ᠎ᠠ ᠪᠠᠷ | ᠬᠥᠲᠥᠯᠥᠨ ᠵᠢᠯᠣᠭᠤᠳᠬᠤ ᠪᠠ ᠬᠥᠮᠦᠯᠢᠭ ᠰᠣᠶᠣᠯᠴᠢ ᠬᠠᠯᠠᠮᠵᠢᠯᠠᠯ ᠢ ᠴᠢᠩᠭᠠᠳᠬᠠᠵᠤ᠂ ᠰᠢᠯᠭᠠᠭᠤᠯᠤᠭᠴᠢ ᠶᠢ | ᠬᠥᠲᠥᠯᠥᠨ ᠵᠢᠯᠣᠭᠤᠳᠴᠤ ᠪᠠᠶᠢᠭᠠᠳ ᠰᠡᠳᠬᠢᠯ ᠰᠠᠨᠠᠭ᠎ᠠ ᠶᠢ ᠨᠢ ᠲᠠᠶᠢᠪᠤᠰᠢᠷᠠᠭᠤᠯᠵᠤ᠂ ᠠᠭᠤᠵᠢᠭᠤ ᠲᠠᠯᠪᠢᠭᠤᠨ ᠢᠶᠠᠷ | ᠰᠢᠯᠭᠠᠯᠲᠠ ᠳᠤ ᠣᠷᠣᠯᠴᠠᠭᠤᠯᠵᠤ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠰᠢᠯᠭᠠᠯᠲᠠ ᠶᠢᠨ ᠠᠭᠤᠷ ᠠᠮᠢᠰᠬᠤᠯ ᠢ | ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠶ᠃ |